ᠠᠷᠠᠳ ᠤᠨ ᠴᠠᠭᠳᠠᠭ᠎ᠠ ᠠᠷᠢᠬᠢ ᠤᠤᠭᠤᠭᠠᠳ ᠬᠡᠷᠡᠭ ᠡᠳᠦᠭᠰᠡᠳ ᠤᠨ ᠲᠥᠷᠦᠯ ᠤᠨ ᠲᠤᠬᠠᠢ ᠶᠢᠨ ᠲᠠᠯᠠᠪᠤᠷ ᠢ ᠰᠢᠢᠳᠪᠦᠷᠢᠯᠡᠬᠦ ᠦᠶᠡᠰ᠂ ᠶᠠᠭᠠᠬᠢᠪᠠᠯ ᠵᠤᠬᠢᠬᠤ ᠪᠣᠶ︖
ᠨᠡᠶᠢᠲᠡᠯᠡᠭᠰᠡᠨ ᠴᠠᠭ᠄
2021/8/18
         ᠠᠷᠠᠳ ᠤᠨ ᠴᠠᠭᠳᠠᠭ᠎ᠠ ᠠᠷᠢᠬᠢ ᠤᠤᠭᠤᠭᠠᠳ ᠬᠡᠷᠡᠭ ᠡᠳᠦᠭᠰᠡᠳ ᠤᠨ ᠲᠥᠷᠦᠯ ᠤᠨ          ᠲᠤᠬᠠᠢ ᠶᠢᠨ ᠲᠠᠯᠠᠪᠤᠷ ᠢ ᠰᠢᠢᠳᠪᠦᠷᠢᠯᠡᠬᠦ ᠦᠶᠡᠰ᠂ ᠶᠠᠭᠠᠬᠢᠪᠠᠯ ᠵᠤᠬᠢᠬᠤ ᠪᠣᠶ︖          ︵ᠨᠢᠭᠡ︶ ᠠᠮᠤᠷ ᠲᠦᠪᠰᠢᠨ ᠢ ᠪᠠᠲᠤᠯᠠᠬᠤ᠄ ᠵᠡᠭᠡᠯᠢ ᠵᠠᠬ᠎ᠠ᠂ ᠵᠠᠮ ᠤᠨ ᠬᠠᠵᠠᠭᠤ᠂ ᠵᠠᠮ᠂ ᠬᠦᠭᠦᠷᠭᠡ ᠤᠰᠤᠨ ᠰᠤᠪᠠᠭ ᠵᠡᠷᠭᠡ ᠠᠶᠤᠯᠲᠠᠶ ᠣᠷᠴᠢᠨ ᠳᠤ ᠰᠤᠭᠳᠤᠵᠤ ᠬᠡᠪᠲᠡᠭᠰᠡᠨ ᠢ ᠳᠠᠷᠤᠶ ᠲᠦᠷᠭᠡᠨ ᠰᠢᠯᠵᠢᠭᠦᠯᠵᠦ᠂ ᠠᠮᠤᠷ ᠲᠦᠪᠰᠢᠨ ᠭᠠᠵᠠᠷ ᠨᠡᠭᠦᠯᠭᠡᠵᠦ᠂ ᠤᠷᠮ᠎ᠠ ᠰᠡᠳᠬᠢᠯᠭᠡ ᠶᠢ ᠨᠢ ᠲᠣᠭᠲᠠᠪᠤᠷᠢᠵᠢᠭᠤᠯᠵᠤ᠂ ᠪᠡᠶ᠎ᠡ ᠶᠢᠨ ᠠᠮᠤᠷ ᠲᠦᠪᠰᠢᠨ ᠢ ᠨᠢ ᠪᠠᠲᠤᠯᠠᠬᠤ ᠬᠡᠷᠡᠭᠲᠡᠶ᠃      ︵ᠬᠤᠶᠠᠷ︶ ᠪᠠᠶᠢᠳᠠᠯ ᠢ ᠢᠯᠭᠠᠬᠤ᠄ ᠵᠥᠪᠬᠡᠨ ᠰᠣᠭᠲᠣᠭᠠᠳ ᠦᠢᠮᠡᠭᠦᠯᠬᠦ ᠦᠭᠡᠢ ᠬᠥᠮᠦᠰ ᠲᠤ᠂ ᠠᠪᠤᠷᠠᠨ ᠲᠤᠰᠠᠯᠠᠵᠤ᠂ ᠭᠡᠷ ᠪᠦᠯᠢ ᠶᠢᠨ ᠬᠡᠨ ᠲᠠᠢ ᠨᠢ ᠬᠠᠷᠢᠯᠴᠠᠵᠤ᠂ ᠡᠮᠨᠡᠯᠭᠡ ᠳᠤ ᠬᠦᠷᠭᠡᠵᠦ ᠥᠭᠬᠦ ᠪᠤᠶᠤ ᠭᠡᠷ ᠲᠤᠨᠢ ᠬᠦᠷᠭᠡᠵᠦ ᠪᠣᠯᠤᠨ᠎ᠠ᠃ ᠦᠢᠯᠡ ᠠᠵᠢᠯᠯᠠᠭ᠎ᠠ ᠨᠢ ᠬᠡᠲᠦᠷᠬᠡᠶ ᠰᠢᠷᠦᠭᠦᠨ ᠦᠶ᠎ᠡ ᠳᠤ᠂ ᠵᠣᠬᠢᠰᠲᠠᠶ ᠬᠢᠵᠠᠭᠠᠷᠯᠠᠵᠤ ᠪᠣᠯᠤᠨ᠎ᠠ᠃ ᠠᠷᠢᠬᠢ ᠤᠤᠭᠤᠭᠰᠠᠨ ᠤ ᠳᠠᠷᠠᠭ᠎ᠠ ᠬᠡᠷᠡᠭ ᠡᠳᠦᠭᠰᠡᠨ ᠦᠢᠯᠡ ᠠᠵᠢᠯᠯᠠᠭ᠎ᠠ ᠨᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ ᠡᠷᠡᠰ ᠰᠢᠭᠤᠷᠬᠠᠶ ᠪᠠᠷ ᠰᠢᠢᠳᠪᠦᠷᠢᠯᠡᠵᠦ᠂ ᠬᠡᠷᠡᠭ ᠤᠨ ᠪᠠᠶᠢᠳᠠᠯ ᠤᠷᠤᠭᠤᠳᠠᠵᠤ ᠥᠷᠭᠡᠳᠬᠦ ᠶᠢ ᠰᠡᠷᠭᠡᠶᠢᠯᠡᠨ᠎ᠡ᠃     ︵ᠭᠤᠷᠪᠠ︶ ᠲᠥᠷᠥᠯ ᠰᠠᠳᠤᠨ ᠨᠠᠶᠢᠵᠠ ᠨᠥᠬᠦᠳ ᠲᠤ ᠨᠢ ᠮᠡᠳᠡᠭᠳᠡᠬᠦ᠄ ᠲᠤᠬᠠᠶ ᠶᠢᠨ ᠭᠠᠵᠠᠷ ᠲᠤ ᠨᠢ ᠰᠢᠢᠳᠪᠦᠷᠢᠯᠡᠬᠦ ᠥᠶ᠎ᠡ ᠳᠤ᠂ ᠰᠣᠭᠲᠣᠭᠤ ᠬᠦᠮᠦᠨ ᠤ ᠭᠡᠷ ᠪᠦᠯᠢ ᠶᠢᠨ ᠬᠢᠨ᠂ ᠲᠥᠷᠥᠯ ᠰᠠᠳᠤᠨ ᠨᠠᠶᠢᠵᠠ ᠨᠥᠬᠦᠳ ᠪᠤᠶᠤ ᠨᠢᠭᠡᠴᠡ ᠶᠢᠨ ᠤᠳᠤᠷᠢᠳᠤᠯᠭ᠎ᠠ ᠳᠤ ᠠᠯᠢ ᠴᠢᠳᠠᠬᠤ ᠪᠠᠷ ᠮᠡᠳᠡᠭᠳᠡᠵᠦ ᠲᠤᠬᠠᠶ ᠶᠢᠨ ᠲᠠᠯᠠᠪᠠᠢ ᠳᠤ ᠢᠷᠡᠵᠦ ᠬᠠᠮᠵᠢᠯᠴᠠᠭᠤᠯᠬᠤ ᠬᠡᠷᠡᠭᠲᠡᠶ᠃     ︵ᠳᠥᠷᠪᠡ︶ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠬᠤ᠄ ᠬᠠᠤᠯᠢ ᠬᠡᠷᠡᠭᠵᠢᠭᠦᠯᠬᠦ ᠲᠡᠮᠳᠡᠭᠯᠡᠭᠦᠷ ᠢ ᠨᠡᠬᠡᠭᠡᠵᠦ᠂ ᠪᠦᠬᠦ ᠶᠠᠪᠤᠴᠠ ᠳᠤ ᠳᠠᠭᠤ ᠳᠦᠷᠰᠦ ᠰᠢᠩᠭᠡᠭᠡᠯᠲᠡ ᠬᠢᠨ᠎ᠡ᠃     ︵ᠲᠠᠪᠤ︶ ᠡᠷᠡᠰ ᠰᠢᠭᠤᠷᠬᠠᠶ ᠪᠠᠷ ᠰᠢᠢᠳᠪᠦᠷᠢᠯᠡᠬᠦ᠄ ᠨᠡᠶᠢᠭᠡᠮ ᠤᠨ ᠡᠮᠬᠢ ᠵᠢᠷᠤᠮ ᠳᠤ ᠬᠦᠨᠳᠦ ᠨᠣᠴᠢᠲᠠᠶ ᠬᠤᠤᠷ ᠬᠦᠨᠦᠭᠡᠯ ᠤᠴᠠᠷᠠᠭᠤᠯᠤᠭᠰᠠᠨ ᠪᠤᠶᠤ ᠤᠯᠠᠨ ᠨᠡᠶᠢᠲᠡ ᠶᠢᠨ ᠠᠮᠤᠷ ᠲᠦᠪᠰᠢᠨ ᠳᠤ ᠰᠦᠷᠳᠡᠭᠦᠯᠦᠯ ᠤᠴᠠᠷᠠᠭᠤᠯᠤᠭᠰᠠᠨ ᠬᠥᠮᠦᠰ ᠢ ᠠᠯᠪᠠᠳᠠᠯᠭ᠎ᠠ ᠪᠠᠷ ᠲᠤᠬᠠᠶ ᠶᠢᠨ ᠲᠠᠯᠠᠪᠤᠷ ᠠᠴᠠ ᠵᠠᠶᠢᠯᠠᠭᠤᠯᠵᠤ᠂ ᠬᠠᠤᠯᠢ ᠶᠣᠰᠣᠭᠠᠷ ᠲᠦᠷ ᠬᠤᠷᠢᠬᠤ ᠪᠤᠶᠤ ᠬᠠᠤᠯᠢ ᠴᠠᠭᠠᠵᠠ ᠳᠤ ᠲᠣᠭᠲᠠᠭᠠᠭᠰᠠᠨ ᠪᠤᠰᠤᠳ ᠠᠷᠭ᠎ᠠ ᠬᠡᠮᠵᠢᠶ᠎ᠡ ᠠᠪᠴᠤ ᠪᠣᠯᠤᠨ᠎ᠠ᠃     ︵ᠵᠢᠷᠭᠤᠭ᠎ᠠ︶ ᠨᠢᠭᠲᠠ ᠬᠢᠨᠠᠨ ᠠᠵᠢᠭᠯᠠᠬᠤ᠄ ᠴᠠᠭᠳᠠᠭᠠᠨ ᠤ ᠵᠡᠪᠰᠡᠭ ᠬᠡᠷᠡᠭᠯᠡᠬᠦ ᠪᠠ ᠬᠡᠷᠡᠭ ᠡᠳᠦᠭᠰᠡᠨ  ᠬᠦᠮᠦᠨ ᠢ ᠠᠯᠪᠠ ᠪᠠᠷ ᠵᠠᠶᠢᠯᠠᠭᠤᠯᠬᠤ ᠥᠶ᠎ᠡ ᠳᠤ᠂ ᠬᠡᠷᠡᠭ ᠡᠳᠦᠭᠰᠡᠨ ᠬᠥᠮᠦᠨ ᠳᠤᠲᠠᠭᠠᠬᠤ᠂ ᠬᠠᠷᠭᠢᠰᠯᠠᠬᠤ᠂ ᠪᠡᠶ᠎ᠡ ᠪᠠᠨ ᠰᠢᠷᠬᠠᠲᠤᠭᠤᠯᠬᠤ᠂ ᠪᠡᠶ᠎ᠡ ᠪᠠᠨ ᠭᠡᠮᠲᠦᠭᠡᠬᠦ᠂ ᠪᠡᠶ᠎ᠡ ᠪᠠᠨ ᠬᠤᠣᠷᠯᠠᠬᠤ ᠪᠤᠶᠤ ᠪᠤᠰᠤᠳ ᠠᠶᠤᠯ ᠲᠦᠭᠰᠢᠭᠦᠷᠢᠲᠡᠢ ᠠᠵᠢᠯᠯᠠᠭ᠎ᠠ ᠡᠭᠦᠰᠬᠦ ᠠᠴᠠ ᠵᠠᠶᠢᠯᠠᠰᠬᠢᠬᠦ ᠶᠢ ᠠᠩᠬᠠᠷᠬᠤ ᠬᠡᠷᠡᠭᠲᠡᠢ᠃     ︵ᠲᠤᠯᠤᠭ᠎ᠠ︶ ᠪᠦᠲᠦᠮᠵᠢᠲᠡᠶ ᠬᠢᠵᠠᠭᠠᠷᠯᠠᠬᠤ᠄ ᠰᠣᠭᠲᠣᠭᠤ ᠪᠠᠶᠢᠬᠤ ᠥᠶ᠎ᠡ ᠳᠤ᠂ ᠲᠣᠰ ᠰᠣᠭᠳᠤᠭᠤ ᠬᠥᠮᠦᠨ ᠠᠶᠤᠯ ᠲᠠᠢ ᠪᠤᠶᠤ ᠪᠤᠰᠤᠳ ᠤᠨ ᠪᠡᠶ᠎ᠡ ᠮᠠᠬᠠᠪᠣᠳ᠂ ᠡᠳ᠋ ᠬᠥᠷᠥᠩᠭᠡ ᠪᠤᠶᠤ ᠣᠯᠠᠨ ᠨᠡᠶᠢᠲᠡ ᠶᠢᠨ ᠠᠮᠤᠷ ᠲᠦᠪᠰᠢᠨ ᠳᠤ ᠰᠦᠷᠳᠡᠭᠦᠯᠦᠯ ᠪᠣᠯᠬᠤ ᠳᠤ ᠬᠦᠷᠪᠡᠯ᠂ ᠲᠡᠭᠦᠨ ᠢ ᠬᠠᠮᠠᠭᠠᠯᠠᠬᠤ ᠴᠢᠨᠠᠷᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠠᠷᠢᠬᠢ ᠨᠢ ᠰᠡᠷᠭᠦᠲᠡᠯ᠎ᠡ ᠬᠢᠵᠠᠭᠠᠷᠯᠠᠬᠤ ᠬᠡᠷᠡᠭᠲᠡᠶ᠃     ︵ᠨᠠᠢᠮᠠ︶ ᠠᠩᠬᠠᠷᠬᠤ ᠡᠭᠦᠷᠭᠡ᠄ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠪᠠ ᠠᠷᠢᠬᠢ ᠰᠡᠷᠭᠦᠬᠦ ᠪᠠᠷ ᠬᠢᠵᠠᠭᠠᠷᠯᠠᠬᠤ ᠥᠶ᠎ᠡ ᠳᠤ᠂ ᠠᠯᠢ ᠴᠢᠳᠠᠬᠤ ᠪᠠᠷ ᠲᠡᠭᠦᠨ ᠢ ᠲᠤᠬᠠᠢ ᠶᠢᠨ ᠭᠠᠵᠠᠷ ᠲᠤᠨᠢ ᠰᠠᠭᠤᠯᠭᠠᠵᠤ᠂ ᠣᠶᠢᠴᠢᠵᠤ ᠰᠢᠷᠬᠠᠲᠤᠬᠤ ᠠᠴᠠ ᠰᠡᠷᠭᠡᠶᠢᠯᠡᠨ᠎ᠡ᠃ ᠰᠠᠭᠤᠬᠤ ᠶᠢᠨ ᠠᠷᠭ᠎ᠠ ᠦᠭᠡᠢ ᠶᠢ ᠨᠢ ᠠᠯᠢ ᠴᠢᠳᠠᠬᠤ ᠪᠠᠷ ᠬᠠᠵᠠᠭᠤᠯᠳᠠᠵᠤ ᠬᠡᠪᠲᠡᠭᠦᠯᠦᠨ᠎ᠡ᠃ ᠳᠡᠭᠡᠭᠰᠢ ᠬᠠᠷᠠᠵᠤ ᠬᠡᠪᠲᠡᠬᠦ ᠶᠢ ᠴᠢᠩᠭ᠎ᠠ ᠴᠠᠭᠠᠵᠠᠯᠠᠵᠤ᠂ ᠠᠮᠢᠰᠬᠤᠯ ᠪᠥᠭᠯᠡᠷᠡᠬᠦ ᠠᠴᠠ ᠰᠡᠷᠭᠡᠶᠢᠯᠡᠨ᠎ᠡ᠃ ᠰᠣᠭᠲᠣᠭᠤ ᠬᠥᠮᠦᠨ ᠤ ᠪᠡᠶ᠎ᠡ ᠶᠢᠨ ᠪᠠᠶᠢᠳᠠᠯ ᠢ ᠨᠢᠭᠲᠠ ᠠᠩᠬᠠᠷᠴᠤ᠂ ᠭᠡᠨᠡᠳᠲᠡ ᠶᠢᠨ ᠪᠠᠶᠢᠳᠠᠯ ᠳᠣᠬᠢᠶᠠᠯᠳᠤᠪᠠᠯ ᠴᠠᠭ ᠲᠤᠬᠠᠶ ᠳᠤᠨᠢ ᠡᠮᠨᠡᠨ ᠵᠠᠰᠠᠬᠤ ᠬᠡᠷᠡᠭᠲᠡᠶ᠃     ︵ᠶᠢᠰᠦ︶ ᠡᠳ᠋ ᠪᠣᠳᠠᠰ ᠢ ᠬᠠᠳᠠᠭᠠᠯᠠᠨ ᠬᠠᠮᠢᠶᠠᠷᠬᠤ᠄ ᠰᠣᠭᠲᠣᠭᠤ ᠬᠥᠮᠦᠨ ᠤ ᠡᠳ᠋ ᠬᠤᠭᠰᠢᠯ ᠵᠡᠷᠭᠡ ᠪᠡᠶ᠎ᠡ ᠳᠤ ᠪᠠᠨ ᠠᠪᠴᠤ ᠶᠠᠪᠤᠭ᠎ᠠ ᠡᠳ᠋ ᠪᠣᠳᠠᠰ ᠢ ᠰᠠᠶᠢᠲᠤᠷ ᠳᠠᠩᠰᠠᠯᠠᠬᠤ ᠬᠡᠷᠡᠭᠲᠡᠶ᠃ ᠰᠠᠶᠢᠲᠤᠷ ᠬᠠᠳᠠᠭᠠᠯᠠᠨ ᠬᠠᠮᠢᠶᠠᠷᠴᠤ᠂ ᠭᠡᠷ ᠪᠦᠯᠢ ᠶᠢᠨ ᠬᠢᠨ ᠳᠤ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠬᠤ ᠪᠣᠶᠤ ᠠᠷᠢᠬᠢ ᠶᠢ ᠨᠢ ᠰᠡᠷᠭᠦᠭᠡᠭᠰᠡᠨ ᠤ ᠳᠠᠷᠠᠭ᠎ᠠ ᠲᠣᠰ ᠬᠥᠮᠦᠨ ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠶ᠃     ᠬᠠᠤᠯᠢ ᠴᠠᠭᠠᠵᠠ ᠶᠢᠨ ᠦᠨᠳᠦᠰᠦᠯᠡᠯ᠄ ︽ᠠᠷᠠᠳ ᠤᠨ ᠴᠠᠭᠳᠠᠭ᠎ᠠ ᠶᠢᠨ ᠬᠠᠤᠯᠢ︾ ᠶᠢᠨ ᠨᠠᠢᠮᠠᠳᠤᠭᠠᠷ ᠵᠦᠢᠯ᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠭᠡᠯ ᠤᠨ ᠬᠠᠤᠯᠢ︾ ᠶᠢᠨ ᠠᠷᠪᠠᠨ ᠲᠠᠪᠤᠳᠤᠭᠠᠷ ᠵᠦᠢᠯ᠃  
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ