ᠠᠷᠠᠳ ᠤᠨ ᠴᠠᠭᠳᠠᠭ᠎ᠠ ᠣᠯᠠᠨ ᠲᠦᠮᠡᠨ ᠵᠠᠰᠠᠭ ᠤᠨ ᠣᠷᠳᠣᠨ ᠤ ᠪᠠᠶᠢᠭᠤᠯᠭ᠎ᠠ ᠶᠢ ᠪᠦᠰᠡᠯᠡᠨ ᠬᠠᠭᠠᠬᠤ ᠲᠠᠢ ᠲᠠᠭᠠᠷᠠᠯᠳᠤᠪᠠᠯ᠂ ᠶᠠᠭᠠᠬᠢᠪᠠᠯ ᠵᠣᠬᠢᠬᠤ ᠪᠤᠶ︖
ᠨᠡᠶᠢᠲᠡᠯᠡᠭᠰᠡᠨ ᠴᠠᠭ᠄
2021/8/18
         ᠠᠷᠠᠳ ᠤᠨ ᠴᠠᠭᠳᠠᠭ᠎ᠠ ᠣᠯᠠᠨ ᠲᠦᠮᠡᠨ ᠵᠠᠰᠠᠭ ᠤᠨ ᠣᠷᠳᠣᠨ ᠤ ᠪᠠᠶᠢᠭᠤᠯᠭ᠎ᠠ ᠶᠢ          ᠪᠦᠰᠡᠯᠡᠨ ᠬᠠᠭᠠᠬᠤ ᠲᠠᠢ ᠲᠠᠭᠠᠷᠠᠯᠳᠤᠪᠠᠯ᠂ ᠶᠠᠭᠠᠬᠢᠪᠠᠯ ᠵᠣᠬᠢᠬᠤ ᠪᠤᠶ︖          ︵ᠨᠢᠭᠡ︶ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠬᠤ᠄ ᠬᠠᠤᠯᠢ ᠬᠡᠷᠡᠭᠵᠢᠭᠦᠯᠬᠦ ᠲᠡᠮᠳᠡᠭᠯᠡᠭᠦᠷ ᠢ ᠨᠡᠭᠡᠭᠡᠵᠦ᠂ ᠪᠦᠬᠦ ᠶᠠᠪᠤᠴᠠ ᠳᠤ ᠳᠠᠭᠤ ᠳᠦᠷᠰᠦ ᠰᠢᠩᠭᠡᠭᠡᠯᠲᠡ ᠬᠢᠨ᠎ᠡ᠃      ︵ᠬᠤᠶᠠᠷ︶ ᠲᠤᠰᠠᠯᠠᠮᠵᠢ ᠭᠤᠶᠤᠬᠤ ᠪᠠᠷ ᠬᠠᠷᠢᠭᠤ ᠲᠤᠰᠬᠠᠬᠤ᠄ ᠦᠳᠲᠡᠷ ᠲᠦᠷᠭᠡᠨ ᠲᠤᠬᠠᠶ ᠶᠢᠨ ᠲᠠᠯᠠᠪᠠᠢ ᠳᠤ ᠬᠦᠷᠴᠦ᠂ ᠲᠤᠬᠠᠶ ᠶᠢᠨ ᠲᠠᠯᠠᠪᠠᠢ ᠶᠢᠨ ᠪᠠᠶᠢᠳᠠᠯ ᠢ ᠴᠠᠭ ᠲᠤᠬᠠᠶ ᠳᠤᠨᠢ ᠦᠨᠡᠯᠡᠨ ᠵᠢᠱᠢᠵᠦ᠂ ᠬᠡᠷᠡᠭ ᠤᠨ ᠪᠠᠶᠢᠳᠠᠯ ᠨᠢ ᠠᠷᠠᠳ ᠤᠨ ᠴᠠᠭᠳᠠᠭ᠎ᠠ ᠶᠢᠨ ᠡᠵᠡᠮᠳᠡᠵᠦ ᠪᠣᠯᠬᠤ ᠬᠡᠪᠴᠢᠶᠡᠨ ᠠᠴᠠ ᠳᠠᠪᠠᠭᠰᠠᠨ ᠪᠠᠶᠢᠪᠠᠯ ᠂ ᠵᠢᠯᠣᠭᠤᠳᠬᠤ ᠲᠥᠪ ᠲᠤ ᠳᠠᠷᠦ᠋ᠢᠬᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠴᠠᠭᠳᠠᠭᠠᠨ ᠤ ᠬᠦᠴᠦᠨ ᠤ ᠲᠤᠰᠠᠯᠠᠮᠵᠢ ᠶᠢ ᠭᠤᠶᠤᠴᠢᠯᠠᠵᠤ᠂ ᠴᠠᠭᠳᠠᠭᠠᠨ ᠤ ᠬᠦᠴᠦᠨ ᠤ ᠳᠠᠪᠠᠭᠤᠯᠢᠭ ᠢ ᠦᠨᠡᠨ ᠬᠦ ᠪᠠᠲᠤᠯᠠᠵᠤ᠂ ᠬᠡᠷᠡᠭ ᠶᠠᠪᠤᠳᠠᠯ ᠤᠨ ᠬᠥᠭᠵᠢᠯᠲᠡ ᠶᠢ ᠴᠠᠭ ᠲᠤᠬᠠᠢ ᠳᠤ ᠨᠢ ᠬᠤᠷᠢᠭᠯᠠᠨ᠎ᠠ᠃      ︵ᠭᠤᠷᠪᠠ︶ ᠵᠦᠶ ᠵᠣᠬᠢᠰᠲᠠᠶ ᠠᠵᠢᠯ ᠬᠤᠪᠢᠶᠠᠷᠢᠯᠠᠬᠤ᠄ ᠲᠤᠬᠠᠶ ᠶᠢᠨ ᠲᠠᠯᠠᠪᠠᠢ ᠶᠢᠨ ᠵᠢᠯᠣᠭᠤᠳᠤᠭᠴᠢ ᠨᠢ ᠲᠤᠬᠠᠶ ᠶᠢᠨ ᠲᠠᠯᠠᠪᠠᠢ ᠶᠢᠨ ᠡᠯ᠎ᠡ ᠲᠥᠷᠥᠯ ᠤᠨ ᠮᠡᠳᠡᠭᠡ ᠵᠠᠩᠭᠢ ᠶᠢ ᠲᠡᠷᠡ ᠳᠠᠷᠤᠶ ᠳᠤᠨᠢ ᠡᠵᠡᠮᠰᠢᠨ ᠵᠠᠳᠠᠯᠵᠤ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠴᠠᠭᠳᠠᠭᠠᠨ ᠤ ᠬᠦᠴᠦᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠤᠪᠢᠶᠠᠷᠢᠯᠠᠯ ᠢ ᠰᠠᠶᠢᠲᠤᠷ ᠬᠢᠨ᠎ᠡ᠃ ᠠᠮᠠ᠂ ᠥᠨᠳᠥᠷ ᠳᠠᠭᠤᠲᠤ ᠪᠦᠷᠢᠶ᠎ᠡ᠂ ᠷᠠᠳᠢᠣ᠋ ᠨᠡᠪᠲᠡᠷᠡᠭᠦᠯᠭᠡ ᠵᠡᠷᠭᠡ ᠬᠡᠯᠪᠡᠷᠢ ᠪᠠᠷ ᠦᠳᠲᠡᠷ ᠲᠦᠷᠭᠡᠨ ᠵᠠᠷᠯᠠᠨ ᠨᠡᠶᠢᠲᠡᠯᠡᠵᠦ᠂ ᠬᠦᠰᠡᠯ ᠰᠠᠨᠠᠭ᠎ᠠ ᠪᠠᠨ ᠵᠥᠪ ᠢᠯᠡᠳᠬᠡᠬᠦ ᠠᠷᠭ᠎ᠠ ᠮᠠᠶ᠋ᠢᠭ ᠪᠠ ᠠᠷᠭ᠎ᠠ ᠵᠠᠮ ᠢ ᠬᠡᠯᠡᠵᠦ ᠥᠭᠭᠦᠨ᠎ᠡ᠃ ᠡᠭᠦᠨ ᠤ ᠬᠠᠮᠲᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠬᠢᠵᠦ᠂ ᠲᠤᠬᠠᠶ ᠶᠢᠨ ᠲᠠᠯᠠᠪᠠᠢ ᠶᠢᠨ ᠦᠢᠯᠡ ᠠᠵᠢᠯᠯᠠᠭᠠᠳᠠᠨ ᠤ ᠬᠠᠤᠯᠢ ᠶᠢ ᠵᠥᠷᠢᠴᠡᠭᠰᠡᠨ ᠴᠢᠨᠠᠷ ᠵᠢᠴᠢ ᠲᠡᠭᠦᠨ ᠤ ᠦᠢᠯᠡ ᠠᠵᠢᠯᠯᠠᠭ᠎ᠠ ᠶᠢᠨ ᠦᠷ᠎ᠡ ᠳ᠋ᠦᠩ ᠢ ᠲᠣᠳᠣᠷᠬᠠᠶ ᠵᠢᠭᠠᠵᠤ᠂ ᠬᠠᠤᠯᠢ ᠴᠠᠭᠠᠵᠠ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠲᠤᠬᠠᠶ ᠶᠢᠨ ᠲᠠᠯᠠᠪᠤᠷ ᠤᠨ ᠬᠥᠮᠦᠰ ᠢ ᠰᠠᠯᠭᠠᠨ ᠵᠠᠳᠠᠷᠠᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠢ ᠰᠦᠷᠳᠡᠭᠦᠯᠪᠡ᠃      ︵ᠳᠥᠷᠪᠡ︶ ᠡᠷᠡᠰ ᠰᠢᠭᠤᠷᠬᠠᠶ ᠪᠠᠷ ᠰᠢᠢᠳᠪᠦᠷᠢᠯᠡᠬᠦ᠄ ᠮᠤᠵᠢᠭᠤᠳᠠ᠂ ᠡᠰᠡᠷᠭᠦᠴᠡᠯᠳᠦᠬᠦ ᠰᠡᠳᠬᠢᠯᠭᠡ ᠬᠦᠨᠳᠦ ᠨᠣᠴᠢᠳᠠᠢ᠂ ᠦᠢᠯᠡ ᠠᠵᠢᠯᠯᠠᠭ᠎ᠠ ᠨᠢ ᠬᠡᠲᠦ ᠰᠢᠷᠦᠭᠦᠨ ᠬᠥᠮᠦᠰ ᠲᠤ ᠡᠷᠡᠰ ᠰᠢᠭᠤᠷᠬᠠᠶ ᠪᠠᠷ ᠭᠠᠷ ᠬᠥᠳᠡᠯᠵᠦ᠂ ᠲᠦᠷᠭᠡᠨ ᠡᠵᠡᠮᠳᠡᠵᠦ᠂ ᠠᠯᠪᠠᠳᠠᠯᠭ᠎ᠠ ᠪᠠᠷ ᠠᠪᠴᠤ ᠶᠠᠪᠤᠨ᠎ᠠ᠃ ᠡᠷᠡᠭᠡᠯᠵᠡᠨ ᠲᠠᠲᠠᠭᠠᠯᠵᠠᠭᠰᠠᠨ ᠠᠴᠠ ᠪᠣᠯᠵᠤ ᠬᠡᠳᠦ ᠰᠢᠷᠦᠭᠦᠨ ᠦᠢᠯᠡ ᠠᠵᠢᠯᠯᠠᠭ᠎ᠠ ᠶᠢᠨ ᠳᠠᠪᠬᠤᠴᠠᠬᠤ ᠦᠢᠯᠡᠳᠦᠯ ᠭᠠᠷᠭᠠᠬᠤ᠂ ᠬᠡᠷᠡᠭ ᠶᠠᠪᠤᠳᠠᠯ ᠰᠢᠷᠦᠭᠦᠰᠬᠦ ᠶᠢ ᠰᠡᠷᠭᠡᠶᠢᠯᠡᠨ᠎ᠡ᠃  
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ