ᠵᠦᠶ ᠶᠣᠰᠣᠨ ᠤ ᠬᠠᠮᠠᠭᠠᠯᠠᠯᠲᠠ ᠶᠢᠨ ᠰᠢᠨ᠎ᠡ ᠲᠣᠭᠲᠠᠭᠠᠯ ᠭᠠᠷᠤᠯ᠎ᠠ᠂ 5 ᠵᠢᠷᠤᠭ ᠢ ᠦᠵᠡᠵᠦ ᠣᠢᠯᠠᠭᠠᠭᠠᠷᠠᠢ︕
ᠨᠡᠶᠢᠲᠡᠯᠡᠭᠰᠡᠨ ᠴᠠᠭ᠄
2021/8/19
     ᠵᠦᠶ ᠶᠣᠰᠣᠨ ᠤ ᠬᠠᠮᠠᠭᠠᠯᠠᠯᠲᠠ ᠶᠢᠨ ᠰᠢᠨ᠎ᠡ ᠲᠣᠭᠲᠠᠭᠠᠯ ᠭᠠᠷᠤᠯ᠎ᠠ      ᠡᠨᠡ 5 ᠵᠢᠷᠤᠭ ᠢ ᠦᠵᠡᠵᠦ ᠣᠢᠯᠠᠭᠠᠭᠠᠷᠠᠢ︕      ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠣᠶᠢᠷ᠎ᠠ ᠳᠤ ︽ᠵᠦᠶ ᠶᠣᠰᠣᠨ ᠤ ᠬᠠᠮᠠᠭᠠᠯᠠᠯᠲᠠ ᠶᠢᠨ ᠲᠦᠷᠢᠮ ᠢ ᠬᠠᠤᠯᠢ ᠶᠣᠰᠣᠭᠠᠷ ᠬᠡᠷᠡᠭᠯᠡᠬᠦ ᠲᠤᠬᠠᠶ ᠵᠢᠯᠣᠭᠤᠳᠬᠤ ᠰᠠᠨᠠᠯ︾ ᠢ ᠬᠠᠮᠲᠤᠷᠠᠨ ᠨᠡᠶᠢᠲᠡᠯᠡᠪᠡ᠃ ᠰᠠᠨᠠᠯ ᠳᠤ ᠲᠣᠳᠣᠷᠬᠠᠶ ᠲᠣᠭᠲᠠᠭᠠᠭᠰᠠᠨ ᠨᠢ᠂ ᠵᠦᠶ ᠶᠣᠰᠣᠨ ᠤ ᠬᠠᠮᠠᠭᠠᠯᠠᠯᠲᠠ ᠶᠢᠨ ᠬᠠᠤᠯᠢ ᠴᠠᠭᠠᠵᠠ ᠶᠢᠨ ᠲᠣᠭᠲᠠᠭᠠᠯ ᠪᠠ ᠬᠠᠤᠯᠢ ᠲᠣᠭᠲᠠᠭᠠᠬᠤ ᠵᠣᠷᠢᠭ ᠰᠠᠨᠠᠭ᠎ᠠ ᠶᠢ ᠣᠨᠣᠪᠴᠢᠲᠠᠶ ᠤᠶᠢᠯᠠᠭᠠᠨ ᠡᠵᠡᠮᠰᠢᠵᠦ᠂ ᠵᠦᠶ ᠶᠣᠰᠣᠨ ᠤ ᠬᠠᠮᠠᠭᠠᠯᠠᠯᠲᠠ ᠪᠠᠶᠢᠭᠤᠯᠤᠭᠳᠠᠬᠤ ᠨᠥᠬᠦᠴᠡᠯ ᠳᠤ ᠨᠡᠶᠢᠴᠡᠪᠡᠯ᠂ ᠬᠠᠤᠯᠢ ᠶᠣᠰᠣᠭᠠᠷ ᠡᠷᠡᠰ ᠮᠠᠭᠠᠳᠯᠠᠨ  ᠲᠣᠭᠲᠠᠭᠠᠵᠤ  ᠂  ︽ᠬᠡᠨ  ᠦᠢᠮᠡᠭᠦᠯᠪᠡᠯ  ᠬᠡᠨ  ᠶᠣᠰᠣᠲᠠᠶ  ︾ ︽ᠬᠡᠨ ᠥᠭᠦᠵᠦ ᠰᠢᠷᠬᠠᠲᠤᠪᠠᠯ ᠬᠡᠨ ᠶᠣᠰᠣᠲᠠᠶ︾ ᠭᠡᠬᠦ ᠪᠤᠷᠤᠭᠤ ᠠᠷᠭ᠎ᠠ  ᠬᠢᠳᠡᠯ ᠢ  ᠦᠨᠡᠨ  ᠬᠦ  ᠰᠡᠷᠭᠡᠶᠢᠯᠡᠵᠦ᠂ ︽ᠬᠠᠤᠯᠢ ᠨᠢ ᠬᠠᠤᠯᠢ ᠪᠤᠰᠤ ᠪᠠᠶᠢᠳᠠᠯ ᠳᠤ ᠨᠠᠶᠢᠷ ᠲᠠᠯᠪᠢᠵᠤ ᠪᠣᠯᠬᠤ ᠥᠬᠡᠶ︾ ᠭᠡᠬᠦ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠡᠷᠡᠰ ᠬᠠᠮᠠᠭᠠᠯᠠᠬᠤ ᠬᠡᠷᠡᠭᠲᠡᠶ᠃
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ