ᠨᠠᠭᠠᠳᠤᠮ ᠤᠨ ᠬᠤᠷᠠᠯ ᠤᠨ ᠠᠮᠤᠷ ᠲᠦᠪᠰᠢᠨ ᠶᠠᠪᠤᠭᠳᠠᠬᠤ ᠶᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠦᠴᠦᠨ ᠢᠶᠠᠷ ᠢᠶᠠᠨ ᠬᠠᠮᠠᠭᠠᠯᠠᠪᠠ
ᠨᠡᠶᠢᠲᠡᠯᠡᠭᠰᠡᠨ ᠴᠠᠭ᠄
2021/9/1
     ᠨᠠᠭᠠᠳᠤᠮ ᠤᠨ ᠬᠤᠷᠠᠯ ᠤᠨ ᠠᠮᠤᠷ ᠲᠦᠪᠰᠢᠨ ᠶᠠᠪᠤᠭᠳᠠᠬᠤ ᠶᠢ ᠳᠠᠷᠬᠠᠨ ᠮᠤᠤᠮᠢᠩᠭᠠᠨ      ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠦᠴᠦᠨ      ᠢᠶᠠᠷ ᠢᠶᠠᠨ ᠬᠠᠮᠠᠭᠠᠯᠠᠪᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 31 ᠳ᠋ᠦ᠋ᠭᠡᠷ ᠬᠤᠭᠤᠴᠠᠭᠠᠨ ᠤ ᠵᠤᠭᠠᠴᠠᠯ ᠤᠨ ᠨᠠᠭᠠᠳᠤᠮ ᠤᠨ ᠶᠡᠭᠡ ᠬᠤᠷᠠᠯ ᠵᠢᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 8 ᠳ᠋ᠤᠭᠠᠷ ᠬᠤᠭᠤᠴᠠᠭᠠᠨ ᠤ ᠰᠣᠶᠣᠯ ᠵᠤᠭᠠᠴᠠᠯ ᠤᠨ ᠨᠠᠶᠢᠷ 7 ᠳ᠋ᠤᠭᠠᠷ ᠰᠠᠷ᠎ᠠ ᠶᠢᠨ 31 ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠵᠢᠩᠬᠢᠨᠢ ᠪᠠᠷ ᠡᠬᠢᠯᠡᠪᠡ᠃ ᠲᠣᠰ ᠤᠳᠠᠭᠠᠨ ᠤ ᠨᠠᠭᠠᠳᠤᠮ ᠤᠨ ᠶᠡᠭᠡ ᠬᠤᠷᠠᠯ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠭᠤᠤᠯ ᠬᠦᠴᠦᠨ ᠪᠣᠯᠤᠭᠰᠠᠨ ᠤ ᠬᠤᠪᠢ ᠳᠤ᠂ ᠨᠠᠭᠠᠳᠤᠮ ᠤᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ᠂ ᠤᠷᠠᠨ ᠰᠠᠶᠢᠬᠠᠨ ᠤ ᠲᠣᠭᠯᠠᠯᠲᠠ ᠵᠡᠷᠭᠡ ᠭᠤᠭᠴᠤᠭ᠎ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠷᠲᠡᠬᠡᠨ ᠲᠥᠯᠥᠪᠯᠡᠵᠦ᠂ ᠡᠷᠲᠡᠬᠡᠨ ᠪᠠᠶᠢᠷᠢᠯᠠᠭᠤᠯᠤᠨ᠂ ᠪᠥᠬᠦ ᠴᠠᠭᠳᠠᠭ᠎ᠠ ᠶᠢ ᠳᠠᠶᠢᠴᠢᠯᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ︽ᠥᠴᠦᠬᠡᠨ ᠴᠦ ᠠᠯᠳᠠᠰᠢ ᠭᠠᠷᠭᠠᠬᠤ ᠥᠬᠡᠶ︾ ᠪᠠᠶᠢᠬᠤ ᠪᠠᠷᠢᠮᠵᠢᠶ᠎ᠠ ᠪᠠᠷ ᠨᠠᠭᠠᠳᠤᠮ ᠤᠨ ᠠᠮᠤᠷ ᠢ ᠬᠠᠮᠠᠭᠠᠯᠠᠬᠤ ᠡᠭᠦᠷᠭᠡ ᠶᠢᠨ ᠬᠥᠰᠢᠭᠡ ᠶᠢ ᠰᠡᠬᠦᠪᠡ
     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠲᠣᠰ ᠤᠳᠠᠭᠠᠨ ᠤ ᠨᠠᠭᠠᠳᠤᠮ ᠤᠨ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠷᠲᠡ ᠠᠴᠠ ᠲᠥᠯᠥᠪᠵᠢᠭᠦᠯᠵᠦ᠂ ᠣᠯᠠᠨ ᠤᠳᠠᠭ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠬᠤᠪᠢ ᠬᠥᠮᠦᠨ ᠳᠤ ᠨᠠᠶᠢᠳᠠᠪᠤᠷᠢᠵᠢᠭᠤᠯᠤᠨ᠂ ᠬᠤᠲᠠ ᠶᠢᠨ ᠲᠣᠪᠴᠢᠶ᠎ᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠵᠦᠶ᠋ᠯ ᠤᠨ ᠠᠵᠢᠯ ᠥᠷᠨᠢᠭᠦᠯᠬᠦ ᠳᠤ ᠢᠳᠡᠪᠬᠢᠲᠡᠶ ᠬᠠᠮᠵᠢᠯᠴᠠᠵᠤ᠂ ᠬᠠᠮᠵᠢᠨ ᠲᠤᠰᠠᠯᠠᠬᠤ ᠴᠠᠭᠳᠠᠭᠠᠨ ᠤ ᠬᠦᠴᠦᠨ ᠢ ᠵᠣᠬᠢᠴᠠᠭᠤᠯᠵᠤ ᠪᠠᠶᠢᠭᠠᠳ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠬᠠᠮᠲᠤ ᠪᠠᠷ ᠥᠷᠨᠢᠭᠦᠯᠦᠨ᠂ ᠨᠠᠭᠠᠳᠤᠮ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠵᠡᠷᠭᠡ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠥᠬᠦ ᠲᠠᠯ᠎ᠠ ᠪᠠᠷ ᠪᠠᠲᠤᠯᠠᠪᠠ᠃
     ᠠᠮᠤᠷ ᠢ ᠬᠠᠮᠠᠭᠠᠯᠠᠬᠤ ᠬᠤᠭᠤᠴᠠᠭᠠᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠭᠤᠴᠠ ᠮᠡᠳᠡᠭᠡ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠠᠮᠤᠷ ᠢ ᠬᠠᠮᠠᠭᠠᠯᠠᠬᠤ ᠬᠤᠭᠤᠴᠠᠭᠠᠨ ᠳᠠᠬᠢ ᠴᠢᠮᠡᠭᠡ ᠬᠤᠯᠪᠣᠭᠠᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠷᠯᠢᠭ ᠪᠠᠭᠤᠯᠭᠠᠵᠤ ᠴᠠᠭ ᠲᠤᠬᠠᠶ ᠳᠤᠨᠢ ᠣᠨᠣᠪᠴᠢᠲᠠᠶ ᠪᠠᠶᠢᠬᠤ ᠶᠢ ᠪᠠᠳᠤᠯᠠᠪᠠ᠃ ᠲᠠᠯ᠎ᠠ ᠨᠤᠲᠤᠭ ᠤᠨ ᠮᠣᠷᠢᠲᠤ ᠴᠠᠭᠳᠠᠭ᠎ᠠ ᠶᠢᠨ ᠠᠩᠭᠢ ᠶᠢᠨ ᠬᠢᠨ ᠵᠢᠭᠰᠠᠭᠠᠯ ᠳᠤ ᠭᠠᠷᠴᠤ᠂ ᠬᠤᠷᠠᠯ ᠤᠨ ᠲᠠᠯᠠᠪᠠᠢ ᠶᠢᠨ ᠡᠷᠭᠢᠨ ᠲᠣᠭᠤᠷᠢᠨ ᠳᠤ ᠲᠠᠰᠤᠷᠠᠯᠲᠠ ᠦᠭᠡᠢ ᠲᠣᠭᠤᠷᠢᠨ ᠴᠠᠭᠳᠠᠵᠤ᠂ ᠣᠯᠠᠨ ᠲᠦᠮᠡᠨ ᠤ ᠵᠥᠪᠯᠡᠯᠭᠡ ᠪᠠ ᠲᠤᠰᠠᠯᠠᠮᠵᠢ ᠶᠢ ᠴᠠᠭ ᠲᠤᠬᠠᠶ ᠳᠤᠨᠢ ᠬᠦᠯᠢᠶᠡᠨ ᠠᠪᠤᠪᠠ᠃
     ᠨᠠᠭᠠᠳᠤᠮ ᠤᠨ ᠬᠤᠷᠠᠯ ᠤᠨ ᠠᠮᠤᠷ ᠢ ᠬᠠᠮᠠᠭᠠᠯᠠᠬᠤ ᠬᠤᠭᠤᠴᠠᠭᠠᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠥᠷᠭᠡᠨ ᠣᠯᠠᠨ ᠵᠢᠵᠢᠭᠦᠷᠯᠡᠭᠴᠢ ᠠᠷᠠᠳ ᠤᠨ ᠴᠠᠭᠳᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠷᠭᠦᠯᠵᠢᠯᠡᠨ ᠪᠠᠶᠢᠯᠳᠤᠬᠤ ᠬᠠᠲᠠᠭᠤ ᠴᠢᠩᠭ᠎ᠠ ᠰᠤᠷᠲᠠᠯ᠂ ᠴᠠᠭ ᠲᠤ ᠪᠠᠨ ᠠᠵᠢᠯ ᠤᠨ ᠪᠠᠶᠢᠷᠢ ᠳᠤ ᠪᠠᠨ ᠭᠠᠷᠬᠤ᠂ ᠢᠳᠡᠪᠬᠢᠲᠡᠶ ᠬᠠᠮᠵᠢᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠪᠡ᠃ ︵ᠪᠣᠭᠤᠳᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠯᠪᠠᠨ ᠭᠡᠷ ᠤᠨ  ᠵᠠᠩ ᠢᠦᠢ ᠮᠡᠳᠡᠭᠡᠯᠡᠪᠡ︶
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ