ᠦᠪᠦᠷ ᠮᠤᠩᠭᠤᠯ ᠤᠨ ᠴᠠᠭᠳᠠᠭᠠᠨ ᠤ ᠲᠠᠯ᠎ᠠ ᠶᠢᠨ ᠬᠢᠨ ᠤ ᠬᠠᠪᠰᠤᠷᠤᠯᠭ᠎ᠠ ᠳᠤᠤᠷ᠎ᠠ ᠭᠡᠷ ᠠᠴᠠ ᠪᠠᠨ ᠰᠠᠯᠤᠭᠠᠳ 31 ᠵᠢᠯ ᠪᠤᠯᠤᠭᠰᠡᠨ ᠭᠦᠸᠧ ᠣᠪᠤᠭᠳᠤ ᠲᠦᠷᠦᠯ ᠰᠠᠳᠤᠨ ᠲᠠᠢ ᠪᠠᠨ ᠠᠭᠤᠯᠵᠠᠪᠠ
ᠨᠡᠶᠢᠲᠡᠯᠡᠭᠰᠡᠨ ᠴᠠᠭ᠄
2021/9/10
         ᠦᠪᠦᠷ ᠮᠤᠩᠭᠤᠯ ᠤᠨ ᠴᠠᠭᠳᠠᠭᠠᠨ ᠤ ᠲᠠᠯ᠎ᠠ ᠶᠢᠨ ᠬᠢᠨ ᠤ          ᠬᠠᠪᠰᠤᠷᠤᠯᠭ᠎ᠠ ᠳᠤᠤᠷ᠎ᠠ ᠭᠡᠷ ᠠᠴᠠ ᠪᠠᠨ ᠰᠠᠯᠤᠭᠠᠳ 31 ᠵᠢᠯ          ᠪᠤᠯᠤᠭᠰᠡᠨ ᠭᠦᠸᠧ ᠣᠪᠤᠭᠳᠤ ᠲᠦᠷᠦᠯ ᠰᠠᠳᠤᠨ ᠲᠠᠢ ᠪᠠᠨ ᠠᠭᠤᠯᠵᠠᠪᠠ            31 ᠵᠢᠯ ᠶᠢᠨ ᠳᠠᠰᠤᠷᠤᠯᠲᠠ ᠦᠭᠡᠢ ᠮᠦᠷᠦᠭᠡᠲᠦᠯ ᠪᠠ ᠡᠷᠢᠯᠬᠢᠯᠡᠯ ᠢ ᠦᠩᠭᠡᠷᠡᠭᠡᠵᠦ᠂ ᠬᠠᠮᠤᠭ ᠡᠴᠦᠰ ᠳᠤ ᠦᠪᠦᠷ ᠮᠤᠩᠭᠤᠯ ᠤᠨ ᠴᠠᠭᠳᠠᠭᠠᠨ ᠤ ᠲᠠᠯ᠎ᠠ  ᠶᠢᠨ ᠴᠢᠷᠮᠠᠶᠢᠯᠭ᠎ᠠ ᠪᠠᠷ᠂ 8 ᠳ᠋ᠤᠭᠠᠷ ᠰᠠᠷ᠎ᠠ ᠶᠢᠨ 16 ᠤ ᠡᠲᠦᠷ᠂ ᠡᠭᠡᠴᠢ ᠳᠡᠬᠦᠦ ᠬᠤᠶᠡᠭᠤᠯᠠ ᠰᠢᠯᠢ ᠶᠢᠨ ᠭᠤᠣᠯ ᠠᠶᠢᠮᠠᠭ ᠤᠨ ᠬᠦᠪᠡᠭᠡᠲᠦ ᠰᠢᠷ᠎ᠠ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠳᠤᠪᠴᠢᠶ᠎ᠠ ᠳᠤ ᠳᠡᠪᠡᠷᠢᠯᠳᠤᠨ ᠤᠬᠢᠯᠠᠪᠠ᠃ ︽ᠰᠢᠯᠢ ᠶᠢᠨ ᠭᠤᠣᠯ ᠠᠶᠢᠮᠠᠭ ᠤᠨ ᠬᠦᠪᠡᠭᠡᠲᠦ ᠰᠢᠷ᠎ᠠ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠳᠤᠪᠴᠢᠶᠠᠨ ᠤ ᠠᠷᠠᠳ ᠤᠨ ᠴᠠᠭᠳᠠᠭ᠎ᠠ ᠳᠤ ᠲᠠᠯᠠᠷᠬᠠᠵᠤ ᠪᠠᠶᠢᠨ᠎ᠠ᠂ ᠪᠢᠲᠡᠨ ᠳᠤ ᠰᠠᠳᠤᠨ ᠲᠦᠷᠦᠯ ᠢ ᠮᠢᠨᠢ ᠡᠷᠢᠵᠦ ᠦᠭᠬᠦᠭᠰᠡᠨ ᠳᠤ ᠲᠠᠯᠠᠷᠬᠠᠵᠦ ᠪᠠᠶᠢᠨ᠎ᠠ᠂ ᠡᠨᠡ ᠡᠲᠦᠷ ᠢ ᠪᠢᠲᠡ 31 ᠵᠢᠯ ᠬᠦᠯᠢᠶᠡᠪᠡ᠂ ᠲᠠᠨᠠᠷ ᠲᠤ ᠲᠠᠯᠠᠷᠬᠠᠵᠦ ᠪᠠᠶᠢᠨ᠎ᠠ︕︾ ᠭᠡᠵᠦ ᠭᠦᠸᠧ ᠠᠪᠠᠭ᠋ᠠᠢ ᠨᠢᠭᠤᠷ ᠳᠦᠭᠦᠷᠡᠩ ᠨᠢᠯᠪᠣᠰᠤ ᠠᠰᠬᠠᠷᠠᠭᠤᠯᠤᠨ᠂ ᠠᠷᠠᠳ ᠤᠨ ᠴᠠᠭᠳᠠᠭ᠎ᠠ ᠶᠢᠨ ᠭᠠᠷ ᠢ ᠠᠳᠬᠤᠵᠤ᠂ ᠲᠠᠯᠠᠷᠬᠠᠵᠤ ᠪᠠᠶᠢᠬᠤ ᠪᠠᠨ ᠳᠠᠬᠢᠨᠲᠠ ᠢᠯᠡᠳᠬᠡᠪᠡ᠃     ᠭᠦᠸᠧ ᠠᠪᠠᠭ᠋ᠠᠢ ᠶᠢᠨ ᠲᠠᠨᠢᠯᠴᠠᠭᠤᠯᠤᠭᠰᠡᠨ ᠢᠶᠠᠷ᠂ ᠲᠡᠭᠦᠨ ᠤ ᠨᠤᠲᠤᠭ ᠨᠢ ᠵᠢᠶᠠᠩᠰᠢ ᠮᠤᠵᠢ ᠶᠢᠨ ᠵᠢᠢ ᠠᠨ ᠬᠤᠲᠠ ᠶᠢᠨ ᠲᠠᠢ ᠾᠧ ᠰᠢᠶᠠᠨ ᠳᠤ ᠪᠤᠢ᠂ ᠳᠤᠬᠠᠢ ᠶᠢᠨ ᠵᠢᠯ ᠳᠤ᠂ 24 ᠨᠠᠰᠤᠲᠠᠢ ᠳᠡᠬᠦᠦ ᠭᠦᠸᠧ ᠤᠪᠤᠭᠲᠦ ᠨᠢ ᠭᠡᠷ ᠤᠨ ᠬᠦᠮᠤᠰ ᠲᠠᠢ ᠪᠠᠨ ᠵᠦᠷᠢᠴᠡᠯ ᠡᠭᠦᠰᠦᠭᠰᠡᠨ ᠠᠴᠠ ᠪᠤᠯᠵᠤ ᠭᠡᠷ ᠠᠴᠠ ᠪᠠᠨ ᠰᠠᠯᠵᠦ ᠂ ᠨᠠᠰᠤ ᠠᠬᠢᠭᠰᠡᠨ ᠡᠴᠢᠭᠡ ᠡᠬᠡ ᠪᠠ ᠬᠤᠶᠠᠷ ᠨᠢᠯᠬ᠎ᠠ ᠭᠡᠤᠭᠡᠳ ᠢᠶᠠᠨ ᠬᠠᠶᠠᠵᠤ ᠴᠢᠮᠡᠭᠡ ᠰᠤᠷᠠᠭ ᠴᠦ ᠦᠬᠡᠢ ᠪᠤᠯᠪᠠ  ᠃ ᠬᠡᠷ ᠤᠨ ᠬᠦᠮᠦᠰ ᠨᠢ ᠭᠦᠸᠧ ᠤᠪᠤᠭᠳᠤ ᠶᠢ ᠡᠷᠢᠬᠦ ᠪᠠᠨ ᠶᠠᠷᠤ ᠠᠴᠠ ᠬᠠᠶᠠᠭᠰᠠᠨ ᠦᠭᠡᠢ᠂ ᠡᠨᠡ ᠡᠷᠢᠯᠲᠡ ᠨᠢ 31 ᠵᠢᠯ ᠪᠤᠯᠬᠤ ᠶᠢ ᠬᠡᠨ ᠮᠡᠳᠡᠬᠦ ᠪᠤᠢ᠂ ᠡᠨᠡ ᠬᠤᠭᠤᠴᠠᠭᠠᠨ ᠳᠤ ᠠᠪᠤ ᠡᠵᠢ ᠨᠢ ᠨᠠᠰᠤ ᠪᠠᠷᠠᠭᠰᠠᠨ ᠪᠠᠶᠢᠪᠠ᠃ ᠭᠦᠸᠧ ᠠᠪᠠᠭ᠋ᠠᠢ ᠬᠡᠯᠡᠭᠰᠡᠨ ᠨᠢ᠂ ᠰᠢᠯᠢ ᠶᠢᠨ ᠭᠤᠣᠯ ᠠᠶᠢᠮᠠᠭ ᠤᠨ ᠬᠦᠪᠡᠭᠡᠲᠦ ᠰᠢᠷ᠎ᠠ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠳᠤᠪᠴᠢᠶ᠎ᠠ ᠶᠢᠨ ᠤᠲᠠᠰᠦ ᠶᠢ ᠳᠤᠰᠬᠤ ᠦᠶ᠎ᠡ ᠳᠤ  ᠢᠲᠡᠭᠡᠵᠦ ᠶᠡᠳᠠᠨ᠂ ᠳᠡᠬᠦᠦ ᠲᠠᠢ ᠪᠠᠨ ᠠᠭᠤᠯᠵᠠᠭᠰᠡᠨ ᠲᠡᠷᠡ ᠮᠦᠴᠡ ᠪᠤᠯᠬᠤ ᠳᠤ ᠰᠠᠶ᠋ᠢ ᠵᠡᠭᠦᠳᠦ ᠪᠢᠰᠢ ᠭᠡᠳᠡᠭ ᠪᠠᠨ ᠮᠡᠳᠡᠪᠡ᠃     ᠬᠦᠪᠡᠭᠡᠲᠦ ᠰᠢᠷ᠎ᠠ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠳᠤᠪᠴᠢᠶ᠎ᠠ ᠶᠢᠨ ᠰᠢᠨᠡᠪᠤᠯᠠᠭ ᠪᠠᠯᠭᠠᠰᠤᠨ ᠤ ᠲᠤᠮᠢᠯᠠᠭᠰᠡᠨ ᠰᠠᠯᠪᠤᠷᠢ ᠶᠢᠨ ᠠᠷᠠᠳ ᠤᠨ ᠴᠠᠭᠳᠠᠭ᠎ᠠ ᠶᠢᠨ ᠲᠠᠨᠢᠯᠴᠠᠭᠤᠯᠤᠭᠰᠡᠨ ᠢᠶᠠᠷ᠂ ᠲᠡᠳᠡ ᠬᠢᠵᠢᠭ ᠤᠨ ᠪᠠᠶᠢᠲᠠᠯ ᠢ ᠰᠡᠷᠭᠡᠶᠢᠯᠡᠨ ᠬᠠᠮᠠᠭᠠᠯᠠᠬᠤ ᠠᠵᠢᠯ ᠢ ᠦᠷᠨᠢᠬᠦᠯᠬᠦ ᠳᠤᠮᠲᠠ᠂ ᠬᠠᠷᠢᠶᠠᠲᠦ ᠤᠷᠤᠨ ᠤ ᠬᠢᠮᠲᠠ ᠳᠦᠷᠢᠶᠡᠰᠦᠨ ᠠᠰᠠᠷ ᠤᠨ ᠲᠤᠲᠤᠷᠠᠬᠢ ᠨᠢᠭᠡ ᠳᠦᠷᠢᠶᠡᠰᠦᠨ ᠰᠠᠭᠤᠭᠠᠯᠢ ᠠᠷᠠᠳ ᠮᠦᠨ ᠯᠡ ᠨᠢᠭᠡᠲᠦᠭᠡᠷ ᠦᠶ᠎ᠡ ᠶᠢᠨ ᠪᠡᠶ᠎ᠠ ᠶᠢᠨ ᠦᠨᠡᠮᠯᠡᠯ ᠢᠶᠠᠨ ᠬᠡᠷᠡᠭᠯᠡᠵᠦ ᠪᠠᠶᠢᠬᠤ ᠶᠢ ᠤᠯᠵᠦ ᠮᠡᠳᠡᠵᠠᠢ᠂ ᠠᠷᠠᠳ ᠤᠨ ᠴᠠᠭᠳᠠᠭ᠎ᠠ ᠳᠤᠰ ᠬᠦᠮᠦᠨ ᠢ ᠲᠤᠮᠢᠯᠠᠭᠰᠡᠨ ᠰᠠᠯᠪᠤᠷᠢ ᠳᠤ ᠠᠪᠠᠴᠢᠵᠤ ᠮᠡᠳᠡᠭᠡ ᠵᠠᠩᠬᠢ ᠶᠢ ᠬᠢᠨᠠᠨ ᠪᠠᠶᠢᠴᠠᠭᠠᠵᠤ᠂ ᠪᠠᠶᠢᠴᠠᠭᠠᠨ ᠲᠣᠳᠤᠯᠠᠬᠤ ᠪᠠᠷ ᠲᠠᠮᠵᠢᠨ ᠲᠤᠰ ᠡᠷᠡᠭᠲᠠᠢ ᠨᠢ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠠᠯᠭ᠎ᠠ ᠪᠠᠶᠢᠬᠤ ᠦᠭᠡᠢ ᠭᠡᠲᠡᠭ ᠢ ᠲᠤᠳᠤᠯᠠᠵᠤ᠂ ᠳᠠᠷᠠᠭ᠎ᠠ ᠨᠢ ᠪᠡᠶ᠎ᠠ ᠶᠢᠨ ᠦᠨᠡᠮᠯᠡᠯ ᠤᠨ ᠮᠡᠳᠡᠭᠡ ᠵᠠᠩᠬᠢ ᠪᠠᠷ ᠡᠷᠦᠬᠡ ᠠᠮᠠ ᠪᠠᠶᠢᠭ᠎ᠠ ᠭᠠᠵᠠᠷ ᠤᠨ ᠲᠤᠮᠢᠯᠠᠭᠰᠡᠨ ᠰᠠᠯᠪᠤᠷᠢ ᠲᠠᠢ ᠬᠠᠷᠢᠯᠴᠠᠵᠤ᠂ ᠬᠠᠮᠵᠢᠯᠴᠠᠨ ᠬᠠᠪᠰᠤᠷᠴᠤ ᠪᠠᠶᠢᠴᠠᠭᠠᠵᠤ ᠥᠭᠬᠦ ᠶᠢ ᠭᠤᠶᠤᠴᠢᠯᠠᠵᠦ᠂ ᠡᠴᠤᠭ ᠲᠤ ᠪᠠᠨ ᠲᠤᠰ ᠬᠦᠮᠦᠨ ᠤ ᠪᠡᠶ᠎ᠡ ᠶᠢᠨ ᠬᠢᠷᠢ ᠬᠡᠮ ᠤᠨ ᠮᠡᠳᠡᠭᠡ ᠵᠠᠩᠬᠢ ᠶᠢ ᠲᠤᠭᠲᠠᠭᠠᠪᠠ᠃ ᠲᠡᠬᠦᠨ ᠢ ᠬᠠᠪᠰᠤᠷᠴᠦ ᠭᠡᠷ ᠤᠨ ᠬᠦᠮᠦᠰ ᠲᠠᠢ ᠨᠢ ᠠᠭᠤᠯᠵᠠᠭᠤᠯᠬᠤ ᠶᠢᠨ ᠲᠦᠯᠦᠬᠡ᠂ ᠦᠪᠦᠷ ᠮᠤᠩᠭᠤᠯ ᠬᠢᠭᠡᠳ ᠵᠢᠶᠠᠩᠰᠢ ᠮᠤᠵᠢ ᠶᠢᠨ ᠬᠤᠶᠠᠷ ᠭᠠᠵᠠᠷ ᠤᠨ ᠴᠠᠭᠳᠠᠭᠠᠨ ᠲᠠᠯ᠎ᠠ ᠤᠯᠠᠨ ᠤᠳᠠᠭ᠎ᠠ ᠬᠠᠷᠢᠯᠴᠠᠭᠠᠳ ᠡᠴᠤᠰ ᠲᠤ ᠪᠠᠨ ᠬᠦᠸᠧ ᠤᠪᠤᠭᠲᠤ ᠶᠢ ᠭᠡᠷ ᠤᠨ ᠬᠦᠮᠦᠰ ᠲᠠᠢ ᠨᠢ ᠠᠭᠤᠯᠵᠠᠭᠤᠯᠵᠠᠢ᠃      ᠬᠦᠸᠧ ᠤᠪᠤᠭᠲᠤ ᠶᠢᠨ ᠬᠡᠯᠡᠬᠦ ᠪᠠᠷ᠂ ᠲᠤᠬᠠᠢ ᠶᠢᠨ ᠵᠢᠯ ᠨᠢᠭᠡ ᠴᠠᠭ ᠤᠨ ᠠᠭᠤᠷ ᠢᠶᠠᠷ ᠭᠡᠷ ᠠᠴᠠ ᠪᠠᠨ ᠰᠠᠯᠵᠤ ᠶᠠᠪᠤᠭᠰᠡᠨ ᠤ ᠲᠠᠷᠠᠭ᠎ᠠ᠂ ᠲᠠᠷ᠎ᠠ ᠤᠷᠢᠳ ᠬᠤᠵᠢᠳ ᠪᠡᠭᠡᠵᠢᠩ᠂ ᠱᠠᠨᠰᠢ  ᠂ ᠱᠠᠨ ᠰᠢ᠂ ᠡᠾᠧᠪᠸᠢ ᠵᠡᠷᠭᠡ ᠭᠠᠵᠠᠷ ᠲᠤ ᠠᠮᠢᠲᠤᠷᠠᠵᠦ ᠦᠩᠭᠡᠷᠡᠵᠠᠢ᠃ 2019 ᠤᠨ ᠳᠤ ᠲᠠᠷᠠ ᠬᠦᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠳᠤ ᠢᠷᠡᠭᠰᠡᠨ ᠪᠦᠭᠡᠳ ᠤᠳᠤ ᠪᠤᠯᠲᠠᠯ᠎ᠠ ᠠᠳᠡ ᠠᠮᠢᠳᠤᠷᠠᠭᠰᠠᠭᠠᠷ ᠭᠡᠪᠡ᠃      ᠤᠲᠤ ᠭᠦᠸᠧ ᠤᠪᠤᠭᠲᠦ᠂ ᠡᠬᠡᠴᠢ ᠪᠠᠨ ᠳᠠᠭᠠᠵᠦ ᠵᠢᠶᠠᠩᠰᠢ ᠳᠤ ᠪᠠᠨ ᠪᠤᠴᠠᠪᠠ᠃ ︵ᠬᠦᠪᠡᠭᠡᠲᠦ ᠰᠢᠷ᠎ᠠ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠲᠣᠪᠴᠢᠶ᠎ᠠ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ