ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠬᠤᠪᠢᠶᠠᠷᠢ ᠲᠤᠪᠴᠢᠶ᠎ᠠ ᠴᠡᠴᠡᠭ ᠭᠤᠶᠤᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/10
       ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠠᠶᠢᠷᠤᠪ ᠤᠨ        ᠲᠤᠬᠤᠢ ᠲᠣᠭᠤᠷᠢᠭ ᠤᠨ ᠬᠤᠪᠢᠶᠠᠷᠢ ᠲᠤᠪᠴᠢᠶ᠎ᠠ ᠴᠡᠴᠡᠭ ᠭᠤᠶᠤᠯᠠᠬᠤ ᠠᠵᠢᠯᠯᠠᠭ᠎ᠠ ᠥᠷᠨᠢᠭᠦᠯᠪᠡ          ᠴᠠᠭᠳᠠᠭ᠎ᠠ ᠶᠢᠨ ᠬᠤᠸᠠᠷᠠᠨ ᠤ ᠰᠣᠶᠣᠯ ᠢ ᠪᠠᠶᠠᠯᠢᠭᠵᠢᠭᠤᠯᠵᠤ᠂ ᠡᠮᠡᠭᠲᠡᠶ ᠴᠠᠭᠳᠠᠭ᠎ᠠ ᠶᠢᠨ ᠠᠵᠢᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 27 ᠤ ᠡᠳᠦᠷ᠂ 9 ᠳ᠋ᠦ᠋ᠭᠡᠷ ᠰᠠᠷ᠎ᠠ ᠶᠢᠨ 3 ᠤ ᠡᠳᠦᠷ᠂ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠤᠶᠠᠷ ᠪᠦᠯᠦᠭ ᠬᠤᠪᠢᠶᠠᠨ ᠡᠮᠡᠭᠲᠡᠶ ᠴᠠᠭᠳᠠᠭ᠎ᠠ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠠᠪᠰᠤᠷᠤᠨ ᠵᠢᠯᠣᠭᠤᠳᠬᠤ ᠠᠵᠢᠯᠯᠠᠭ᠎ᠠ ᠵᠢᠴᠢ ᠴᠡᠴᠡᠭ ᠭᠤᠶᠤᠯᠠᠬᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃    
     ᠰᠡᠳᠬᠢᠴᠡ ᠶᠢᠨ ᠪᠦᠯᠬᠦᠮ ᠤᠨ ᠬᠠᠪᠰᠤᠷᠤᠨ ᠰᠤᠷᠭᠠᠭᠴᠢ ᠡᠩ ᠲᠡᠷᠢᠭᠦᠨ ᠳᠤ ᠪᠥᠬᠦ ᠡᠮᠡᠭᠲᠡᠶ ᠴᠠᠭᠳᠠᠭ᠎ᠠ ᠶᠢ ᠳᠠᠭᠠᠭᠤᠯᠤᠨ ᠰᠡᠳᠬᠢᠴᠡ ᠶᠢᠨ ᠡᠷᠡᠭᠦᠯ ᠮᠡᠨᠳᠦ ᠶᠢᠨ ᠪᠦᠯᠬᠦᠮ ᠨᠡᠶᠢᠲᠡ ᠶᠢᠨ ᠬᠠᠪᠰᠤᠷᠤᠨ ᠵᠢᠯᠣᠭᠤᠳᠬᠤ ᠠᠵᠢᠯᠯᠠᠭ᠎ᠠ ᠥᠷᠨᠢᠭᠦᠯᠵᠦ᠂ ︽ᠠᠯᠠᠭ᠎ᠠ ᠲᠠᠰᠢᠬᠤ ᠲᠠᠮᠢᠷ︾ ︽ᠯᠤᠤᠪᠠᠩ ᠮᠠᠶ᠋ᠢᠭ ᠣᠴᠦ᠋ᠢᠬᠤ︾ ︽ᠬᠡᠶᠢᠲᠦ ᠪᠥᠮᠪᠦᠭᠡ ᠳᠠᠮᠵᠢᠭᠤᠯᠬᠤ︾ ᠵᠡᠷᠭᠡ ᠰᠣᠨᠢᠷᠬᠠᠯ ᠲᠠᠢ ᠪᠢᠴᠢᠬᠠᠨ ᠲᠣᠭᠯᠠᠭᠠᠮ ᠢᠶᠠᠷ ᠳᠠᠮᠵᠢᠭᠤᠯᠤᠨ᠂ ᠪᠡᠶ᠎ᠡ ᠪᠡᠶ᠎ᠡ ᠶᠢᠨ ᠬᠤᠭᠤᠷᠣᠨᠳᠣᠬᠢ ᠵᠠᠶ ᠶᠢ ᠮᠠᠰᠢ ᠲᠦᠷᠭᠡᠨ ᠢᠶᠠᠷ ᠣᠶᠢᠷᠠᠲᠤᠭᠤᠯᠵᠤ᠂ ᠡᠮᠡᠭᠲᠡᠶ ᠴᠠᠭᠳᠠᠭ᠎ᠠ ᠨᠠᠷ ᠤᠨ ᠦᠵᠡᠯ ᠰᠠᠨᠠᠭᠠᠨ ᠤ ᠳᠠᠷᠤᠭᠠᠰᠤ ᠶᠢ ᠨᠢ ᠲᠠᠶᠠᠭᠳᠠᠭᠤᠯᠤᠨ᠂ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠳᠠᠷᠤᠭᠠᠰᠤ ᠶᠢ ᠨᠢ ᠲᠠᠯᠪᠢᠭᠤᠷᠠᠭᠤᠯᠵᠤ᠂ ᠪᠡᠶ᠎ᠡ ᠰᠡᠳᠬᠢᠯ ᠢ ᠨᠢ ᠲᠠᠶᠢᠪᠤᠰᠢᠷᠠᠭᠤᠯᠪᠠ᠃    
     
     ᠴᠡᠴᠡᠭ ᠭᠤᠶᠤᠯᠠᠬᠤ ᠠᠵᠢᠯᠯᠠᠭ᠎ᠠ ᠳᠤ ᠡᠯᠳᠡᠪ ᠥᠩᠭᠡ ᠶᠢᠨ ᠴᠡᠴᠡᠭ ᠢ ᠰᠢᠷᠡᠭᠡ ᠳᠦᠭᠦᠷᠡᠩ ᠦᠷᠦᠵᠦ᠂ ᠴᠡᠴᠡᠭ ᠤᠨ ᠤᠷᠠᠯᠢᠭᠴᠢᠨ ᠲᠤᠬᠠᠶ ᠶᠢᠨ ᠲᠠᠯᠠᠪᠠᠶ ᠳᠤ ᠰᠣᠷᠭᠤᠭ ᠴᠡᠴᠡᠭ ᠤᠨ ᠶᠡᠷᠦ ᠶᠢᠨ ᠮᠡᠳᠡᠯᠭᠡ᠂ ᠲᠥᠷᠥᠯ ᠵᠦᠢᠯ ᠤᠨ ᠣᠨᠴᠠᠯᠢᠭ᠂ ᠴᠡᠴᠡᠭ ᠭᠤᠶᠤᠯᠠᠬᠤ ᠤᠷ᠎ᠠ ᠮᠡᠷᠭᠡᠵᠢᠯ ᠵᠡᠷᠭᠡ ᠠᠭᠤᠯᠭ᠎ᠠ ᠶᠢ ᠲᠠᠶᠢᠯᠪᠤᠷᠢᠯᠠᠬᠤ ᠶᠢᠨ ᠬᠠᠮᠲᠤ ᠡᠮᠡᠭᠲᠡᠶ ᠴᠠᠭᠳᠠᠭ᠎ᠠ ᠨᠠᠷ ᠲᠤ ᠴᠡᠴᠡᠭ ᠭᠤᠶᠤᠯᠠᠬᠤ ᠦᠨᠳᠦᠰᠦᠨ ᠶᠠᠪᠤᠴᠠ ᠶᠢ ᠦᠵᠡᠭᠦᠯᠦᠭᠰᠡᠨ ᠪᠠᠶᠢᠨ᠎ᠠ᠃      ᠪᠠᠭᠰᠢ ᠶᠢᠨ ᠨᠠᠷᠢᠨ ᠨᠢᠮᠪᠠᠶ ᠵᠢᠯᠣᠭᠤᠳᠣᠯᠭ᠎ᠠ ᠶᠢ ᠳᠠᠭᠠᠯᠳᠤᠨ᠂ ᠴᠠᠭᠳᠠᠭᠠᠨ ᠤ ᠴᠡᠴᠡᠭ ᠤᠳ ᠡᠮᠡᠭᠲᠡᠶᠢᠴᠦᠳ ᠤᠨ ᠣᠶᠤᠨ ᠤᠬᠠᠭᠠᠨ ᠭᠠᠷ ᠤᠷᠠᠨ᠂ ᠨᠠᠷᠢᠯᠢᠭ ᠣᠨᠴᠠᠯᠢᠭ ᠢ ᠭᠦᠢᠴᠡᠳ ᠪᠠᠳᠠᠷᠠᠭᠤᠯᠤᠨ᠂ ᠴᠡᠴᠡᠭ ᠤᠨ ᠰᠠᠯᠠᠭ᠎ᠠ ᠶᠢ ᠬᠠᠶᠢᠴᠢᠯᠠᠨ ᠵᠠᠰᠠᠵᠤ᠂ ᠴᠡᠴᠡᠭ ᠢ ᠲᠡᠭᠰᠢᠯᠡᠨ᠂ ᠴᠡᠴᠡᠭ ᠭᠤᠶᠤᠯᠠᠬᠤ ᠪᠠᠶᠢᠷᠢ ᠶᠢ ᠶᠠᠷᠢᠯᠴᠠᠵᠤ᠂ ᠨᠢᠭᠡ ᠨᠢᠭᠡ ᠪᠠᠷ ᠢᠶᠠᠨ ᠶᠠᠭᠠᠷᠠᠯᠳᠤᠨ᠂ ᠴᠡᠴᠡᠭ ᠭᠤᠶᠤᠯᠠᠬᠤ ᠤᠷᠠᠯᠢᠭ ᠤᠨ ᠪᠦᠲᠦᠭᠡᠯ ᠤᠳ ᠢ ᠪᠦᠲᠦᠭᠡᠭᠰᠡᠨ ᠪᠠᠶᠢᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠰᠣᠷᠭᠤᠭ ᠴᠡᠴᠡᠭ ᠤᠨ ᠠᠩᠬᠢᠯᠤᠮ᠎ᠠ ᠦᠨᠦᠷ ᠬᠠᠩᠬᠤᠯᠵᠤ᠂ ᠪᠠᠶᠠᠷ ᠬᠦᠷ ᠢᠶᠠᠷ ᠪᠢᠯᠬᠠᠨ᠂ ᠤᠯᠠᠨ ᠢᠶᠠᠷ ᠢᠶᠠᠨ ᠠᠵᠢᠯ ᠤᠨ ᠶᠠᠭᠠᠷᠠᠯᠲᠠᠢ ᠪᠠᠶᠢᠳᠠᠯ ᠢᠶᠠᠨ ᠮᠠᠷᠲᠠᠵᠤ᠂ ᠥᠪᠡᠷ ᠤᠨ ᠪᠠᠶᠠᠷ ᠬᠦᠷ ᠲᠠᠢ ᠴᠠᠭ ᠮᠥᠴᠡ ᠪᠠᠨ ᠡᠳ᠋ᠯᠡᠨ᠂ ᠴᠡᠴᠡᠭ ᠭᠤᠶᠤᠯᠠᠬᠤ ᠪᠠᠷ ᠰᠡᠳᠬᠢᠯ ᠤᠨ ᠬᠡᠮᠡᠷᠯᠢᠭ ᠴᠡᠴᠡᠭ ᠤᠨ ᠪᠥᠭᠡᠮᠨᠡᠷᠡᠯ ᠢ ᠳᠡᠯᠭᠡᠨ ᠦᠵᠡᠭᠦᠯᠵᠦ ᠪᠠᠶᠢᠯ᠎ᠠ᠃      ᠡᠨᠡ ᠤᠳᠠᠭ᠎ᠠ ᠶᠢᠨ ᠠᠵᠢᠯᠯᠠᠭ᠎ᠠ ᠳᠤ᠂ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠴᠠᠭᠳᠠᠭ᠎ᠠ ᠶᠢ ᠬᠠᠷᠠᠭᠠᠯᠵᠠᠬᠤ ᠬᠦᠴᠦᠲᠡᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠴᠢᠮ ᠶᠠᠭᠠᠷᠠᠯᠲᠠᠶ ᠠᠵᠢᠯ ᠤᠨ ᠳᠤᠮᠳᠠ ᠳᠠᠷᠤᠭᠠᠰᠤ ᠶᠢ ᠨᠢ ᠬᠦᠩᠭᠡᠯᠡᠨ᠂ ᠰᠡᠳᠬᠢᠯ ᠰᠠᠨᠠᠭ᠎ᠠ ᠶᠢ ᠨᠢ ᠲᠠᠶᠢᠪᠤᠰᠢᠷᠠᠭᠤᠯᠵᠤ᠂ ᠴᠠᠭᠳᠠᠭ᠎ᠠ ᠶᠢᠨ ᠬᠤᠸᠠᠷᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠣᠯᠠᠨ ᠤ ᠤᠷᠠᠯᠢᠭ ᠤᠨ ᠦᠵᠡᠯ ᠰᠡᠳᠬᠢᠯᠭᠡ ᠶᠢ ᠪᠣᠯᠪᠠᠰᠤᠷᠠᠭᠤᠯᠵᠤ᠂ ᠡᠩᠨᠡᠭᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠂ ᠥᠷᠭᠡᠨ ᠣᠯᠠᠨ ᠡᠮᠡᠭᠲᠡᠶ ᠨᠥᠬᠦᠳ ᠢ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠯ᠎ᠡ ᠵᠦᠢᠯ ᠤᠨ ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠭᠤᠯᠬᠤ ᠪᠣᠯᠤᠨ᠎ᠠ᠃ ︵ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠳᠠᠯᠠᠩᠭᠤᠷᠪᠠ ᠮᠡᠳᠡᠭᠡᠯᠡᠪᠡ︶
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ