ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠥᠬᠦ ᠬᠤᠰᠢᠭᠤᠨ ᠤ ︽ᠠᠶᠠᠨᠴᠢᠳ ᠤᠨ ᠲᠡᠭᠡᠭᠡᠪᠦᠷᠢ ᠪᠠ ᠠᠶᠤᠯ ᠲᠦᠭᠰᠢᠭᠦᠷᠢᠲᠡᠶ ᠪᠠᠷᠠᠭ᠎ᠠ ᠲᠠᠸᠠᠷ ︾ ᠤᠨ ᠠᠵᠤ ᠠᠬᠤᠶᠢᠯᠠᠯ ᠳᠤ ᠭᠦᠨᠵᠡᠭᠡᠶᠢᠷᠡᠨ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/9/10
         ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠥᠬᠦ ᠬᠤᠰᠢᠭᠤᠨ ᠤ          ︽ᠠᠶᠠᠨᠴᠢᠳ ᠤᠨ ᠲᠡᠭᠡᠭᠡᠪᠦᠷᠢ ᠪᠠ ᠠᠶᠤᠯ ᠲᠦᠭᠰᠢᠭᠦᠷᠢᠲᠡᠶ ᠪᠠᠷᠠᠭ᠎ᠠ ᠲᠠᠸᠠᠷ︾ ᠤᠨ          ᠠᠵᠤ ᠠᠬᠤᠶᠢᠯᠠᠯ ᠳᠤ ᠭᠦᠨᠵᠡᠭᠡᠶᠢᠷᠡᠨ ᠠᠮᠤᠷ ᠲᠦᠪᠰᠢᠨ ᠤ ᠳᠠᠯᠳᠠ ᠬᠡᠮ ᠢ          ᠶᠡᠭᠡ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ            ︽ᠰᠡᠷᠭᠡᠶᠢᠯᠡᠬᠦ ᠶᠢ ᠠᠳᠬᠤᠬᠤ᠂ ᠬᠡᠷᠡᠭ ᠭᠠᠷᠬᠤ ᠶᠢ ᠬᠢᠵᠠᠭᠠᠷᠯᠠᠬᠤ᠂ ᠠᠮᠤᠷ ᠲᠦᠪᠰᠢᠨ ᠢ ᠪᠠᠲᠤᠯᠠᠬᠤ︾ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠥᠬᠦ ᠬᠤᠰᠢᠭᠤᠨ ᠤ ︽ᠠᠶᠠᠨᠴᠢᠳ ᠤᠨ ᠲᠡᠭᠡᠭᠡᠪᠦᠷᠢ ᠪᠠ ᠠᠶᠤᠯ ᠲᠦᠭᠰᠢᠭᠦᠷᠢᠲᠡᠶ ᠪᠠᠷᠠᠭ᠎ᠠ ᠲᠠᠸᠠᠷ︾ ᠤᠨ ᠠᠵᠤ ᠠᠬᠤᠶᠢᠯᠠᠯ ᠳᠤ ᠭᠦᠨᠵᠡᠭᠡᠶᠢᠷᠡᠨ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃    
     ᠠᠵᠢᠯ ᠤᠨ ᠳᠤᠮᠳᠠ᠂ ᠠᠷᠠᠳ ᠤᠨ ᠴᠠᠭᠳᠠᠭ᠎ᠠ ᠬᠠᠷᠢᠶ᠎ᠠ ᠣᠷᠣᠨ ᠤ ᠪᠠᠨ ᠳᠣᠲᠣᠷᠠᠬᠢ ᠭᠤᠤᠯᠳᠠᠯᠭ᠎ᠠ ᠲᠠᠢ ᠵᠠᠮ ᠲᠡᠭᠡᠭᠡᠪᠦᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠺᠤᠮᠫᠠᠨᠢ ᠳᠤ ᠨᠢ ᠬᠦᠷᠴᠦ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠵᠤ᠂ ︽ᠠᠶᠠᠨᠴᠢᠳ ᠤᠨ ᠲᠡᠭᠡᠭᠡᠪᠦᠷᠢ ᠪᠠ ᠠᠶᠤᠯ ᠲᠦᠭᠰᠢᠭᠦᠷᠢᠲᠡᠶ ᠪᠠᠷᠠᠭ᠎ᠠ ᠲᠠᠸᠠᠷ︾ ᠤᠨ ᠲᠡᠷᠭᠡ ᠬᠥᠰᠬᠡ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠡᠮᠬᠢᠯᠡᠨ ᠬᠤᠷᠢᠶᠠᠩᠭᠤᠶᠢᠯᠠᠵᠤ᠂ ᠠᠵᠤ ᠠᠬᠤᠶᠢᠯᠠᠯ ᠤᠨ ᠲᠡᠷᠭᠡ ᠬᠥᠰᠬᠡ ᠳᠤ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠡᠰᠡᠬᠦ᠂ ᠬᠤᠭᠤᠴᠠᠭ᠎ᠠ ᠬᠡᠲᠦᠷᠡᠲᠡᠯ᠎ᠡ ᠰᠢᠯᠭᠠᠨ ᠪᠠᠶᠢᠴᠠᠭᠠᠭᠰᠠᠨ ᠥᠬᠡᠶ᠂ ᠬᠡᠷᠡᠭᠯᠡᠭᠡᠨ ᠠᠴᠠ ᠭᠠᠷᠭᠠᠭᠰᠠᠨ ᠥᠬᠡᠶ᠂ ᠵᠢᠯᠣᠭᠤᠴᠢ ᠳᠤ ᠵᠢᠯᠣᠭᠤᠴᠢ ᠶᠢᠨ ᠦᠨᠡᠮᠯᠡᠯ ᠪᠠᠶᠢᠬᠤ ᠡᠰᠡᠬᠦ᠂ ᠬᠤᠭᠤᠴᠠᠭ᠎ᠠ ᠬᠡᠲᠦᠷᠡᠲᠡᠯ᠎ᠡ ᠦᠨᠡᠮᠯᠡᠯ ᠢᠶᠠᠨ ᠰᠣᠯᠢᠭᠰᠠᠨ ᠥᠬᠡᠶ᠂ ᠵᠢᠯᠣᠭᠤᠴᠢ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢᠨ ᠬᠤᠪᠢ ᠲᠡᠮᠳᠡᠭᠯᠡᠭᠰᠡᠨ ᠢ ᠴᠠᠭ ᠲᠤᠬᠠᠶ ᠳᠤ ᠨᠢ ︽ᠬᠦᠴᠦᠨ ᠥᠬᠡᠶ ᠪᠣᠯᠭᠠᠭᠰᠠᠨ︾ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠠᠵᠤ ᠠᠬᠤᠶᠢᠯᠠᠯ ᠤᠨ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ ᠲᠡᠷᠭᠡ ᠬᠥᠰᠬᠡ ᠳᠤ ᠠᠷᠠᠳ ᠤᠨ ᠴᠠᠭᠳᠠᠭ᠎ᠠ ᠠᠴᠠ ᠬᠡᠮ ᠰᠣᠭᠤᠭ ᠤᠨ ᠴᠡᠭ ᠢ ᠵᠢᠭᠠᠨ ᠭᠠᠷᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠵᠢᠭᠰᠠᠭᠠᠨ ᠪᠠᠶᠢᠴᠠᠭᠠᠭᠰᠠᠨ ᠪᠠᠶᠢᠳᠠᠯ ᠢ ᠲᠤᠬᠠᠶ ᠶᠢᠨ ᠲᠠᠯᠠᠪᠠᠶ ᠳᠤ ᠳᠡᠩᠰᠡᠯᠡᠨ ᠲᠡᠮᠳᠡᠭᠯᠡᠵᠦ᠂ ᠬᠡᠷᠡᠭ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠡᠬᠢ ᠡᠭᠦᠰᠦᠯ ᠠᠴᠠ ᠨᠢ ᠠᠳᠡᠯ ᠤᠨ ᠬᠡᠮ ᠰᠣᠭᠤᠭ ᠢ ᠠᠷᠢᠯᠭᠠᠬᠤ ᠬᠡᠷᠡᠭᠲᠡᠶ ᠭᠡᠪᠡ᠃    
     ᠲᠣᠰ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠭᠤᠤᠯᠳᠠᠯᠭ᠎ᠠ ᠲᠠᠢ ᠲᠡᠷᠭᠡ ᠬᠥᠰᠬᠡ ᠶᠢᠨ ᠬᠠᠮᠢᠶᠠᠷᠤᠯᠲᠠ ᠶᠢᠨ ᠳᠤᠮᠳᠠ ᠠᠩᠭᠢ ᠨᠡᠶᠢᠲᠡ ︽ᠠᠶᠠᠨᠴᠢᠳ ᠤᠨ ᠲᠡᠭᠡᠭᠡᠪᠦᠷᠢ ᠪᠠ ᠠᠶᠤᠯ ᠲᠦᠭᠰᠢᠭᠦᠷᠢᠲᠡᠶ ᠪᠠᠷᠠᠭ᠎ᠠ ᠲᠠᠸᠠᠷ︾ ᠤᠨ ᠠᠵᠤ ᠠᠬᠤᠶᠢᠯᠠᠯ 7 ᠳᠤ ᠭᠦᠨᠵᠡᠭᠡᠶᠢᠷᠡᠵᠦ᠂ 2 ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠳᠠᠯᠳᠠ ᠬᠡᠮ ᠢ ᠴᠡᠭᠴᠡᠯᠡᠨ ᠵᠠᠰᠠᠬᠤ ᠮᠡᠳᠡᠭᠳᠡᠯ ᠤᠨ ᠪᠢᠴᠢᠭ ᠢ 3 ᠬᠤᠪᠢ ᠪᠠᠭᠤᠯᠭᠠᠪᠠ᠃      ᠳᠠᠷᠠᠭᠠᠴᠢ ᠶᠢᠨ ᠠᠯᠬᠤᠮ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠠᠮᠤᠷ ᠲᠦᠪᠰᠢᠨ ᠤ ᠳᠠᠯᠳᠠ ᠭᠡᠮ ᠢ ᠶᠡᠬᠡᠪᠡᠷ ᠪᠠᠶᠢᠴᠠᠭᠠᠬᠤ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠮᠤᠷ ᠲᠦᠪᠰᠢᠨ ᠤ ᠳᠠᠯᠳᠠ ᠭᠡᠮ ᠢ ᠡᠬᠢ ᠡᠭᠦᠰᠦᠯ ᠠᠴᠠ ᠨᠢ ᠠᠷᠢᠯᠭᠠᠬᠤ ᠪᠠᠷ ᠴᠢᠷᠮᠠᠶᠢᠵᠤ᠂ ᠬᠦᠨᠳᠦ ᠣᠨᠴᠠ ᠶᠡᠭᠡ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠬᠤ ᠪᠠᠷ ᠪᠣᠯᠪᠠ᠃ ︵ᠤᠩᠨᠢᠭᠤᠳ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠵᠸᠦ ᠬᠠᠢ ᠮᠸᠢ ᠮᠡᠳᠡᠭᠡᠯᠡᠪᠡ︶
ᠢᠷᠡᠯᠲᠡ᠄ ᠤᠯᠠᠭᠠᠨᠬᠠᠳᠠ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ