ᠬᠡᠰᠢᠭᠲᠡᠨ ᠬᠤᠰᠢᠭᠤᠨ ᠤ ᠣᠨᠴᠠ ᠲᠥᠷᠦᠯ ᠤᠨ ᠴᠠᠭᠳᠠᠭ᠎ᠠ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠨ ᠠᠮᠤᠷ ᠢ ᠬᠠᠮᠠᠭᠠᠯᠠᠬᠤ ᠠᠵᠢᠯ ᠢ ᠦᠨᠡᠨ ᠬᠦ ᠴᠢᠩᠭᠠᠳᠬᠠᠪᠠ
ᠨᠡᠶᠢᠲᠡᠯᠡᠭᠰᠡᠨ ᠴᠠᠭ᠄
2021/9/10
         ᠬᠡᠰᠢᠭᠲᠡᠨ ᠬᠤᠰᠢᠭᠤᠨ ᠤ ᠣᠨᠴᠠ ᠲᠥᠷᠦᠯ ᠤᠨ ᠴᠠᠭᠳᠠᠭ᠎ᠠ ᠰᠤᠷᠭᠠᠭᠤᠯᠢ ᠶᠢᠨ          ᠬᠦᠷᠢᠶᠡᠨ ᠳᠤ ᠭᠦᠨᠵᠡᠭᠡᠶᠢᠷᠡᠨ ᠠᠮᠤᠷ ᠢ ᠬᠠᠮᠠᠭᠠᠯᠠᠬᠤ ᠠᠵᠢᠯ ᠢ ᠦᠨᠡᠨ ᠬᠦ ᠴᠢᠩᠭᠠᠳᠬᠠᠪᠠ            ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠲᠣᠪᠴᠢᠶ᠎ᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠨᠡᠶᠢᠭᠡᠮ ᠤᠨ ᠠᠮᠤᠷ ᠲᠦᠪᠰᠢᠨ ᠤ ᠪᠦᠬᠦ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠦᠴᠦᠯᠡᠨ ᠪᠠᠲᠤᠯᠠᠪᠠ᠃    
     
     ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠡᠮᠬᠢ ᠳᠢᠭᠯᠢᠮ ᠤᠨ ᠲᠣᠭᠲᠠᠭᠤᠨ ᠢ ᠦᠨᠡᠨ ᠬᠦ ᠪᠠᠲᠤᠯᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠠᠶᠤᠯ ᠠᠴᠠ ᠵᠠᠶᠢᠯᠠᠬᠤ ᠴᠢᠳᠠᠪᠤᠷᠢ ᠶᠢ ᠤᠯᠠᠮ ᠴᠢᠨᠠᠭᠰᠢᠳᠠ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠭᠡᠬᠦ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠥᠷᠭᠡᠨ ᠤᠯᠠᠨ ᠪᠠᠭᠰᠢ ᠰᠤᠷᠤᠭᠴᠢᠳ ᠤᠨ ᠵᠢᠷᠭᠠᠯᠲᠤ ᠲᠦᠷᠦᠭᠳᠡᠯ᠂ ᠲᠠᠶᠢᠪᠤᠩᠳᠤ ᠲᠦᠷᠦᠭᠳᠡᠯ᠂ ᠣᠯᠤᠯᠲᠠ ᠶᠢᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ 9 ᠳ᠋ᠤᠭᠠᠷ ᠰᠠᠷ᠎ᠠ ᠶᠢᠨ 1 ᠤ ᠦᠳᠡ ᠶᠢᠨ ᠬᠤᠶᠢᠨ᠎ᠠ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭᠠᠨ ᠤ ᠶᠡᠭᠡ ᠠᠩᠭᠢ ᠪᠢᠷᠠᠭᠤ ᠶᠢᠨ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ ︽ᠣᠨᠴᠠ ᠲᠥᠷᠦᠯ ᠤᠨ ᠴᠠᠭᠳᠠᠭ᠎ᠠ ᠰᠤᠷᠭᠠᠭᠤᠯᠢ ᠶᠢᠨ ᠬᠦᠷᠢᠶᠡᠨ ᠳᠤ ᠣᠷᠣᠵᠤ ᠭᠠᠷ ᠬᠤᠯᠪᠣᠨ ᠠᠮᠤᠷ ᠲᠦᠪᠰᠢᠨ ᠢ ᠬᠠᠮᠠᠭᠠᠯᠠᠬᠤ ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ︵ᠬᠡᠰᠢᠭᠳᠡᠨ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠡ ᠮᠡᠳᠡᠭᠡᠯᠡᠪᠡ︶
ᠢᠷᠡᠯᠲᠡ᠄ ᠤᠯᠠᠭᠠᠨᠬᠠᠳᠠ ᠬᠤᠳᠠ ᠶᠢᠨ ᠲᠤᠳᠣᠭᠠᠳᠣ ᠶᠢ ᠬᠠᠮᠠᠭᠠᠯᠠᠬᠤ ᠲᠤᠪᠴᠢᠶ᠎ᠠ