ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ ᠶᠡᠭᠡ ᠪᠣᠯᠪᠠᠰᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2021/9/10
         ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ          ᠬᠠᠮᠠᠭᠠᠯᠠᠬᠤ ᠲᠣᠪᠴᠢᠶ᠎ᠠ ᠬᠢᠵᠢᠭ ᠤᠨ ᠪᠠᠶᠢᠳᠠᠯ ᠳᠤ ᠬᠤᠯᠪᠣᠭᠳᠠᠭᠰᠠᠨ          ᠬᠡᠷᠡᠭ ᠢ ᠰᠢᠢᠳᠪᠦᠷᠢᠯᠡᠬᠦ ᠶᠡᠭᠡ ᠪᠣᠯᠪᠠᠰᠤᠷᠠᠯ ᠢ ᠥᠷᠨᠢᠭᠦᠯᠪᠡ              ᠣᠶᠢᠷ᠎ᠠ ᠳᠤ᠂ ᠪᠥᠬᠦ ᠴᠠᠭᠳᠠᠭᠠᠨ ᠤ ᠪᠣᠳᠠᠲᠤ ᠪᠠᠶᠢᠯᠳᠤᠭᠠᠨ ᠤ ᠶᠡᠭᠡ ᠪᠣᠯᠪᠠᠰᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠ ᠠᠵᠢᠯ ᠤᠨ ᠪᠠᠶᠢᠷᠢ ᠶᠢᠨ ᠪᠣᠳᠠᠲᠤ ᠪᠠᠶᠢᠯᠳᠤᠭᠠᠨ ᠤ ᠬᠡᠷᠡᠭᠴᠡᠭᠡ ᠶᠢ ᠦᠨᠳᠦᠰᠦᠯᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠰᠢᠭᠤᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠬᠢᠵᠢᠭ ᠤᠨ ᠪᠠᠶᠢᠳᠠᠯ ᠳᠤ ᠬᠡᠷᠡᠭ ᠢ ᠰᠢᠢᠳᠪᠦᠷᠢᠯᠡᠬᠦ ︽ᠤᠯᠠᠭᠠᠨ ᠬᠥᠬᠡ ᠶᠢᠨ ᠡᠰᠡᠷᠭᠦᠴᠡᠯᠳᠦᠯ︾ ᠤᠨ ᠰᠣᠷᠢᠯᠲᠠ ᠶᠢ ᠥᠷᠨᠢᠭᠦᠯᠪᠡ᠃    
     ᠰᠣᠷᠢᠯᠲᠠ ᠶᠢᠨ ᠳᠤᠮᠳᠠ᠂ ᠬᠤᠷᠴᠢᠨ ᠲᠣᠮᠢᠯᠠᠭᠰᠠᠨ ᠰᠠᠯᠪᠤᠷᠢ᠂ ᠳᠠᠪᠠᠭ᠎ᠠ ᠶᠢᠨ ᠭᠤᠣᠯ ᠲᠣᠮᠢᠯᠠᠭᠰᠠᠨ ᠰᠠᠯᠪᠤᠷᠢ᠂ ᠵᠢᠷᠦᠬᠡᠨ ᠲᠣᠮᠢᠯᠠᠭᠰᠠᠨ ᠰᠠᠯᠪᠤᠷᠢ ᠪᠠᠷ ᠪᠦᠷᠢᠯᠳᠦᠭᠰᠡᠨ ︽ᠤᠯᠠᠭᠠᠨ ᠴᠡᠷᠢᠭ︾ ᠤᠨ ᠴᠠᠭᠳᠠᠭᠠᠨ ᠤ ᠬᠦᠴᠦᠨ᠂ ᠬᠤᠯᠪᠣᠭᠠᠲᠤ ᠬᠤᠰᠢᠭᠤᠨ ᠤ ᠡᠮᠨᠡᠯᠭᠡ ᠶᠢᠨ ᠬᠤᠷᠢᠶ᠎ᠠ᠂ ᠳᠠᠪᠠᠭ᠎ᠠ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ᠂ ᠵᠢᠷᠦᠬᠡᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ 8 ᠭᠤᠣᠯᠳᠠᠯᠭ᠎ᠠ ᠲᠠᠢ ᠬᠠᠮᠲᠤᠷᠠᠭᠰᠠᠨ ᠦᠢᠯᠡᠴᠢᠯᠡᠭᠡᠨ ᠤ ᠨᠢᠭᠡᠴᠢ ᠬᠢᠵᠢᠭ ᠢ ᠰᠡᠷᠭᠡᠶᠢᠯᠡᠬᠦ ᠠᠵᠢᠯ ᠳᠤ ᠬᠠᠮᠵᠢᠯᠴᠠᠬᠤ ᠶᠢ ᠲᠡᠪᠴᠢᠬᠦ ᠵᠢᠴᠢ ᠤᠯᠠᠨ ᠨᠡᠶᠢᠲᠡ ᠶᠢᠨ ᠲᠠᠯᠠᠪᠤᠷ ᠤᠨ ᠬᠡᠪ ᠤᠨ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠤᠷᠢᠳᠴᠢᠯᠠᠨ ᠰᠡᠷᠡᠮᠵᠢᠯᠡᠭᠦᠯᠬᠦ ᠪᠠᠶᠢᠳᠠᠯ ᠢ ᠰᠢᠢᠳᠪᠦᠷᠢᠯᠡᠬᠦ ᠰᠣᠷᠢᠯᠲᠠ ᠬᠢᠪᠡ᠃ ︽ᠬᠥᠬᠡ ᠴᠡᠷᠢᠭ︾ ᠤᠨ ᠰᠤᠷᠭᠠᠭᠴᠢ ᠨᠢ ᠬᠠᠮᠵᠢᠯᠴᠠᠬᠤ ᠶᠢ ᠲᠡᠪᠴᠢᠭᠰᠡᠨ ᠣᠯᠠᠨ ᠲᠦᠮᠡᠨ ᠢ ᠲᠣᠭᠯᠠᠵᠤ᠂ ︽ᠤᠯᠠᠭᠠᠨ ᠴᠡᠷᠢᠭ︾ ᠤᠨ ᠴᠠᠭᠳᠠᠭᠠᠨ ᠤ ᠲᠠᠯ᠎ᠠ ᠴᠠᠭᠳᠠᠭ᠎ᠠ ᠲᠣᠮᠢᠯᠠᠬᠤ ᠶᠢ ᠭᠥᠯᠢᠶᠡᠨ ᠠᠪᠤᠭᠰᠠᠨ ᠤ ᠳᠠᠷᠠᠭ᠎ᠠ ᠲᠤᠬᠠᠶ ᠶᠢᠨ ᠲᠠᠯᠠᠪᠤᠷ ᠲᠤ ᠲᠦᠷᠭᠡᠨ ᠬᠦᠷᠴᠦ᠂ ᠲᠤᠬᠠᠶ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ᠂ ᠣᠯᠠᠨ ᠲᠦᠮᠡᠨ ᠢ ᠰᠢᠷᠬᠠᠲᠤᠭᠤᠯᠬᠤ ᠪᠠ ᠣᠪᠣᠭᠠᠷᠠᠨ ᠦᠵᠡᠬᠦ ᠠᠴᠠ ᠵᠠᠶᠢᠯᠠᠰᠬᠢᠬᠦ ᠶᠢᠨ ᠲᠥᠯᠥᠭᠡ᠂ ᠣᠪᠣᠭᠠᠷᠠᠨ ᠦᠵᠡᠵᠦ ᠪᠠᠶᠢᠭ᠎ᠠ ᠣᠯᠠᠨ ᠲᠦᠮᠡᠨ ᠢ ᠲᠠᠷᠬᠠᠭᠠᠬᠤ ᠶᠢᠨ ᠬᠠᠮᠲᠤ᠂ ᠬᠠᠮᠵᠢᠯᠴᠠᠬᠤ ᠶᠢ ᠲᠡᠪᠴᠢᠭᠰᠡᠨ ᠣᠯᠠᠨ ᠲᠦᠮᠡᠨ ᠢ ᠬᠦᠯᠢᠴᠡᠩᠭᠦᠢ ᠪᠠᠷ ᠢᠳᠬᠠᠨ ᠰᠤᠷᠭᠠᠵᠤ᠂ ᠣᠯᠠᠨ ᠤᠳᠠᠭ᠎ᠠ ᠢᠳᠬᠠᠭᠠᠳ ᠲᠤᠰᠠ ᠪᠣᠯᠤᠭᠰᠠᠨ ᠥᠬᠡᠶ ᠳᠤ᠂ ᠠᠷᠠᠳ ᠤᠨ ᠴᠠᠭᠳᠠᠭ᠎ᠠ ᠪᠠᠮᠪᠠᠶ᠂ ᠪᠣᠯᠣᠳ ᠰᠡᠷᠡᠭᠡ᠂ ᠴᠠᠭᠳᠠᠭᠠᠨ ᠤ ᠪᠣᠷᠣᠤᠬᠠᠶ ᠵᠡᠷᠭᠡ ᠴᠠᠭᠳᠠᠭᠠᠨ ᠤ ᠪᠠᠭᠠᠵᠢ ᠪᠠᠷ ᠲᠡᠳᠡ ᠨᠠᠷ ᠢ ᠡᠵᠡᠮᠳᠡᠵᠦ᠂ ᠲᠤᠬᠠᠶ ᠶᠢᠨ ᠲᠠᠯᠠᠪᠤᠷ ᠠᠴᠠ ᠠᠪᠴᠤ ᠭᠠᠷᠤᠨ᠎ᠠ᠃ ᠪᠦᠬᠦ ᠶᠠᠪᠤᠴᠠ ᠳᠤ ᠡᠯ᠎ᠡ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠵᠠᠷᠯᠢᠭ ᠢ ᠳᠠᠭᠠᠵᠤ᠂ ᠵᠢᠯᠣᠭᠤᠳᠣᠯᠭ᠎ᠠ ᠶᠢ ᠰᠣᠨᠣᠰᠴᠤ᠂ ᠪᠡᠯᠡᠳᠬᠡᠯ ᠲᠥᠰᠦᠯ ᠪᠠ ᠰᠢᠢᠳᠪᠦᠷᠢᠯᠡᠬᠦ ᠠᠵᠢᠯ ᠤᠨ ᠶᠠᠪᠤᠴᠠ ᠶᠣᠰᠣᠭᠠᠷ᠂ ᠲᠦᠷᠭᠡᠨ ᠪᠡᠯᠡᠳᠭᠡᠯ ᠠᠩᠬᠢ ᠶᠢᠨ ᠳᠤᠭᠤᠶᠢᠯᠠᠩ᠂ ᠭᠠᠳᠠᠭᠤᠷᠬᠢ ᠵᠠᠬᠢᠷᠤᠨ ᠬᠠᠮᠢᠶᠠᠷᠬᠤ ᠳᠤᠭᠤᠶᠢᠯᠠᠩ᠂ ᠪᠠᠶᠢᠴᠠᠭᠠᠨ ᠡᠵᠡᠮᠳᠡᠬᠦ ᠰᠡᠷᠭᠡᠶᠢᠯᠡᠬᠦ ᠳᠤᠭᠤᠶᠢᠯᠠᠩ ᠪᠣᠯᠤᠨ ᠪᠦᠷᠢᠯᠳᠦᠵᠦ᠂ ᠴᠠᠭᠳᠠᠭᠠᠨ ᠤ ᠪᠠᠶᠢᠳᠠᠯ ᠤᠨ ᠵᠠᠷᠯᠢᠭ ᠢ ᠣᠯᠤᠭᠰᠠᠨ ᠤ ᠳᠠᠷᠠᠭ᠎ᠠ᠂ ᠬᠠᠮᠵᠢᠯᠴᠠᠨ ᠪᠠᠶᠢᠯᠳᠤᠵᠤ᠂ ᠴᠠᠭᠳᠠᠭᠠᠨ ᠤ ᠪᠠᠶᠢᠳᠠᠯ ᠢ ᠠᠮᠵᠢᠯᠲᠠᠲᠠᠶ ᠰᠢᠢᠳᠪᠦᠷᠢᠯᠡᠵᠦ᠂ ᠡᠯ᠎ᠡ ᠵᠦᠢᠯ ᠤᠨ ᠤᠷᠢᠳᠴᠢᠯᠠᠨ ᠪᠠᠶᠢᠷᠢᠯᠠᠭᠤᠯᠤᠭᠰᠠᠨ ᠰᠡᠷᠡᠮᠵᠢ ᠶᠢᠨ ᠪᠠᠶᠢᠳᠠᠯ ᠤᠨ ᠰᠣᠷᠢᠯᠲᠠ ᠶᠢ ᠤᠷᠤᠭᠰᠢᠲᠠᠶ ᠪᠡᠶᠡᠯᠡᠭᠦᠯᠪᠡ᠃ ᠲᠣᠰ ᠤᠳᠠᠭᠠᠨ ᠤ ᠰᠣᠷᠢᠯᠲᠠ ᠶᠢ ᠨᠡᠶᠢᠲᠡ 6 ᠤᠳᠠᠭ᠎ᠠ ᠶᠠᠪᠤᠭᠳᠠᠵᠤ᠂ ︽ᠤᠯᠠᠭᠠᠨ ᠴᠡᠷᠢᠭ︾ 6 ᠤᠳᠠᠭ᠎ᠠ ᠠᠮᠵᠢᠯᠲᠠᠲᠠᠶ ᠰᠢᠢᠳᠪᠦᠷᠢᠯᠡᠵᠦ᠂ ᠠᠮᠵᠢᠯᠲᠠ ᠣᠯᠤᠭᠰᠠᠨ ᠨᠣᠷᠮ᠎ᠠ ᠨᠢ 100% ᠳᠤ ᠬᠦᠷᠴᠡᠶ᠃    
     ᠰᠣᠷᠢᠯᠲᠠ ᠪᠠ ᠵᠢᠭᠠᠨ ᠰᠤᠷᠭᠠᠯᠲᠠ ᠴᠥᠮ ᠳᠠᠭᠤᠰᠤᠭᠰᠠᠨ ᠤ ᠳᠠᠷᠠᠭ᠎ᠠ᠂ ᠰᠤᠷᠭᠠᠭᠴᠢ ᠠᠴᠠ ᠰᠢᠢᠳᠪᠦᠷᠢᠯᠡᠬᠦ ᠪᠠ ᠰᠣᠷᠢᠯᠲᠠ ᠳᠤ ᠣᠷᠣᠯᠴᠠᠭᠰᠠᠨ ᠡᠯ᠎ᠡ  ᠬᠦᠮᠦᠰ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠰᠣᠷᠢᠯᠲᠠ ᠶᠢᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠᠨ ᠳ᠋ᠦᠩᠨᠡᠨ᠂ ᠡᠯ᠎ᠡ ᠰᠠᠯᠪᠤᠷᠢ ᠠᠩᠭᠢ ᠶᠢᠨ ᠬᠢᠨ ᠭᠠᠷᠠᠭ ᠪᠦᠷᠢ ᠲᠣᠰ ᠲᠣᠰ ᠲᠤ ᠪᠠᠨ ᠪᠣᠯᠪᠠᠰᠤᠷᠠᠵᠤ᠂ ᠰᠠᠷ᠎ᠠ ᠪᠦᠷᠢ ᠨᠢᠭᠡᠳᠦᠯᠲᠡᠶ ᠪᠣᠯᠪᠠᠰᠤᠷᠠᠵᠤ᠂ ᠤᠯᠠᠷᠢᠯ ᠪᠦᠷᠢ ᠶᠡᠷᠦᠩᠬᠡᠶ ᠪᠣᠯᠪᠠᠰᠤᠷᠠᠯ ᠬᠢᠬᠦ ᠶᠢ ᠪᠠᠷᠢᠮᠲᠠᠯᠠᠵᠤ᠂ ︽ᠤᠯᠠᠭᠠᠨ ᠬᠥᠬᠡ ᠶᠢᠨ ᠡᠰᠡᠷᠭᠦᠴᠡᠯᠳᠦᠯ︾ ᠤᠨ ᠰᠣᠷᠢᠯᠲᠠ ᠶᠢᠨ ᠵᠢᠭᠠᠨ ᠰᠤᠷᠭᠠᠯᠲᠠ ᠶᠢ ᠪᠠᠶᠢᠩᠭᠤᠵᠢᠭᠤᠯᠬᠤ ᠶᠢ ᠠᠬᠢᠭᠤᠯᠵᠤ᠂ ᠴᠠᠭᠳᠠᠭ᠎ᠠ ᠶᠢ ᠪᠣᠯᠪᠠᠰᠤᠷᠠᠭᠤᠯᠬᠤ ᠳᠤ ᠪᠠᠶᠢᠳᠠᠯ ᠢ ᠴᠢᠩᠭ᠎ᠠ ᠳᠠᠭᠠᠵᠤ᠂ ᠲᠤᠬᠠᠶᠢᠯᠠᠭᠰᠠᠨ ᠠᠵᠢᠯ ᠢᠶᠠᠨ ᠰᠤᠯᠠᠷᠠᠭᠤᠯᠤᠯ ᠥᠬᠡᠶ ᠬᠢᠬᠦ᠂ ᠴᠠᠭᠳᠠᠭ᠎ᠠ ᠶᠢ ᠪᠣᠯᠪᠠᠰᠤᠷᠠᠭᠤᠯᠬᠤ ᠳᠤ ᠵᠣᠭᠰᠣᠯᠲᠠ ᠥᠬᠡᠶ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠪᠣᠳᠠᠲᠤ ᠪᠠᠶᠢᠯᠳᠤᠭᠠᠨᠴᠢᠯᠠᠬᠤ᠂ ᠬᠡᠷᠡᠭᠯᠡᠭᠡᠨ ᠤ ᠴᠢᠨᠠᠷᠲᠠᠶ ᠦᠷ᠎ᠡ ᠪᠦᠲᠦᠮᠵᠢ ᠶᠢ ᠳᠣᠪᠤᠶᠢᠯᠭᠠᠵᠤ᠂ ᠠᠷᠠᠳ ᠤᠨ ᠴᠠᠭᠳᠠᠭ᠎ᠠ ᠶᠢᠨ ᠡᠯ᠎ᠡ ᠲᠥᠷᠥᠯ ᠤᠨ ᠴᠠᠭᠳᠠᠭᠠᠨ ᠤ ᠪᠠᠶᠢᠳᠠᠯ ᠢ ᠠᠷᠭᠠᠴᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃ ︵ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠪᠠᠢ ᠴᠦᠨ ᠰᠢᠶᠠ ᠮᠡᠳᠡᠭᠡᠯᠡᠪᠡ︶
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ