ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠸᠠᠺᠼᠢᠨ ᠲᠠᠷᠢᠬᠤ ᠠᠵᠢᠯ ᠢ ᠪᠦᠬᠦ ᠬᠦᠴᠦᠨ ᠢᠶᠠᠷ ᠬᠠᠮᠠᠭᠠᠯᠠᠪᠠ
ᠨᠡᠶᠢᠲᠡᠯᠡᠭᠰᠡᠨ ᠴᠠᠭ᠄
2021/9/17
         ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ          ᠲᠣᠪᠴᠢᠶ᠎ᠠ ᠸᠠᠺᠼᠢᠨ ᠲᠠᠷᠢᠬᠤ ᠠᠵᠢᠯ ᠢ ᠪᠦᠬᠦ ᠬᠦᠴᠦᠨ ᠢᠶᠠᠷ ᠬᠠᠮᠠᠭᠠᠯᠠᠪᠠ                ᠬᠢᠵᠢᠭ ᠤᠨ ᠳᠠᠬᠢᠨ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ᠂ ᠬᠥᠮᠦᠰ ᠤᠨ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠥᠯᠥᠭᠡ᠂ ᠳᠡᠭᠡᠳᠦ ᠱᠠᠲᠤᠨ ᠤ ᠰᠢᠨ᠎ᠡ ᠸᠠᠺᠼᠢᠨ ᠲᠠᠷᠢᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ 8 ᠳ᠋ᠤᠭᠠᠷ ᠰᠠᠷ᠎ᠠ ᠶᠢᠨ 3 ᠤ ᠡᠳᠦᠷ ᠠᠴᠠ ᠡᠬᠢᠯᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠸᠠᠺᠼᠢᠨ ᠲᠠᠷᠢᠬᠤ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃      
     ᠪᠥᠬᠦ ᠬᠤᠰᠢᠭᠤᠨ ᠤ ᠸᠠᠺᠼᠢᠨ ᠲᠠᠷᠢᠬᠤ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ᠂ ᠡᠯ᠎ᠡ ᠸᠠᠺᠼᠢᠨ ᠲᠠᠷᠢᠬᠤ ᠴᠡᠭ ᠲᠤ ᠠᠮᠤᠷ ᠢ ᠬᠠᠮᠠᠭᠠᠯᠠᠬᠤ ᠡᠭᠦᠷᠭᠡ ᠶᠢ ᠡᠭᠦᠷᠭᠡᠯᠡᠵᠦ᠂ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠡᠮᠬᠢ ᠵᠢᠷᠤᠮ ᠢ ᠬᠠᠮᠠᠭᠠᠯᠠᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ᠂ ᠡᠮᠬᠢ ᠵᠢᠷᠤᠮ ᠲᠠᠢ ᠲᠠᠷᠢᠯᠭ᠎ᠠ ᠬᠢᠯᠭᠡᠪᠡ᠃ ︵ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠪᠠᠢ ᠴᠦᠨ ᠰᠢᠶᠠ ᠮᠡᠳᠡᠭᠡᠯᠡᠪᠡ︶
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ