ᠤᠯᠠᠭᠠᠨᠬᠤᠲᠠ ᠶᠢᠨ ᠲᠤᠲᠤᠭᠠᠲᠤ ᠶᠢ ᠬᠠᠮᠠᠭᠠᠯᠠᠬᠤ ᠲᠣᠪᠴᠢᠶᠠᠨ ᠤ ᠪᠤᠯᠪᠠᠰᠤᠷᠠᠯ ᠤᠨ ᠲᠦᠪ ᠴᠠᠬᠳᠠᠭᠠᠨ ᠤ ᠰᠢᠳᠠᠮ ᠪᠠᠮᠪᠠᠢ ᠶᠢ ᠬᠡᠷᠬᠢᠨ ᠬᠡᠷᠡᠭᠯᠡᠬᠦ ᠲᠤᠬᠠᠢ ᠪᠤᠯᠪᠠᠰᠤᠷᠠᠯ ᠤᠨ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2021/9/17
         ᠤᠯᠠᠭᠠᠨᠬᠤᠲᠠ ᠶᠢᠨ ᠲᠤᠲᠤᠭᠠᠲᠤ ᠶᠢ ᠬᠠᠮᠠᠭᠠᠯᠠᠬᠤ ᠲᠣᠪᠴᠢᠶᠠᠨ ᠤ          ᠪᠤᠯᠪᠠᠰᠤᠷᠠᠯ ᠤᠨ ᠲᠦᠪ ᠴᠠᠬᠳᠠᠭᠠᠨ ᠤ ᠰᠢᠳᠠᠮ ᠪᠠᠮᠪᠠᠢ ᠶᠢ ᠬᠡᠷᠬᠢᠨ          ᠬᠡᠷᠡᠭᠯᠡᠬᠦ ᠲᠤᠬᠠᠢ ᠪᠤᠯᠪᠠᠰᠤᠷᠠᠯ ᠤᠨ ᠠᠵᠢᠯᠯᠠᠭ᠎ᠠ ᠶᠢ ᠦᠷᠨᠢᠬᠦᠯᠪᠡ                  ᠣᠶᠢᠷ᠎ᠠ ᠶᠢᠨ ᠡᠳᠦᠷ᠂ ︽ᠪᠦᠬᠦ ᠴᠠᠬᠳᠠᠭ᠎ᠠ   ᠶᠢᠨ ᠪᠤᠳᠠᠳᠤ ᠲᠠᠶᠢᠨ ᠤ ᠪᠤᠯᠪᠠᠰᠤᠷᠠᠯ ᠤᠨ ᠠᠵᠢᠯᠯᠠᠭ᠎ᠠ︾ ᠶᠢ ᠬᠦᠨᠵᠡᠭᠡᠢ ᠠᠬᠢᠭᠤᠯᠬᠤ᠂ ᠲᠤᠳᠤᠭᠠᠳᠤ ᠶᠢ ᠬᠠᠮᠠᠭᠠᠯᠠᠬᠤ ᠡᠩᠨᠡᠬᠡᠨ ᠤ ᠶᠡᠷᠦᠩᠬᠡᠢ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠴᠠᠬᠳᠠᠭᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠲᠦᠯᠦᠭᠡ᠂ ᠤᠯᠠᠭᠠᠨᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠴᠠᠬᠳᠠᠭᠠᠨ ᠪᠤᠯᠪᠠᠰᠤᠷᠠᠯ ᠤᠨ ᠲᠦᠪ ᠨᠠᠢᠮᠠᠳᠤᠭᠠᠷ ᠬᠤᠭᠤᠴᠠᠭᠠᠨ ᠤ ︽ᠪᠦᠬᠦ ᠴᠠᠭᠳᠠᠭᠠᠨ ᠤ ᠪᠤᠳᠠᠳᠤ ᠲᠠᠶᠢᠨ ᠤ ᠪᠤᠯᠪᠠᠰᠤᠷᠠᠯ ᠵᠢᠴᠢ ᠬᠠᠪᠰᠤᠷᠤᠭᠴᠢ ᠴᠠᠭᠳᠠᠭᠠᠨ ᠤ ᠡᠩᠨᠡᠭᠡᠨ ᠤ ᠲᠦᠷᠢᠮᠵᠢᠭᠦᠨ ᠬᠦᠮᠦᠵᠢᠯ ᠬᠠᠮᠢᠶᠠᠷᠤᠯᠲᠠ︾ ᠶᠢᠨ ᠪᠤᠯᠪᠠᠰᠤᠷᠠᠯ ᠢ ᠵᠤᠬᠢᠶᠠᠨ ᠪᠠᠶᠢᠭᠤᠯᠵᠦ᠂  ᠬᠡᠷᠬᠢᠨ ᠴᠠᠭᠳᠠᠭᠠᠨ ᠰᠢᠳᠠᠮ᠂ ᠪᠠᠮᠪᠠᠢ᠂ ᠰᠡᠷᠡᠭᠡ ᠶᠢ ᠬᠡᠷᠡᠭᠯᠡᠬᠦ ᠲᠤᠬᠠᠢ ᠪᠤᠯᠪᠠᠰᠤᠷᠠᠯ ᠤᠨ ᠠᠵᠢᠯᠯᠠᠭ᠎ᠠ ᠦᠷᠨᠢᠭᠦᠯᠪᠡ᠃      
   
     ︽ᠪᠤᠳᠠᠳᠤ ᠲᠠᠶᠢᠨ ᠪᠤᠳᠠᠲᠤ ᠬᠡᠷᠡᠭᠴᠡᠭᠡ ᠪᠤᠳᠠᠲᠤ ᠦᠷ᠎ᠡ ᠪᠦᠳᠦᠮᠵᠢ︾ ᠶᠢᠨ ᠲᠤᠭᠤᠷᠢᠨ ᠳᠤ᠂ ᠰᠤᠷᠭᠠᠭᠴᠢ ᠠᠴᠠ ᠴᠠᠭᠳᠠᠭᠠᠨ ᠰᠢᠳᠠᠮ ᠪᠠᠮᠪᠠᠢ ᠰᠠᠷᠡᠭᠡ  ᠶᠢᠨ ᠦᠨᠳᠦᠰᠦᠨ ᠮᠡᠳᠡᠯᠬᠡ ᠠᠴᠠ ᠭᠠᠷᠳᠠᠨ᠂ ᠦᠢᠯᠡᠳᠦᠯ ᠪᠤᠯᠤᠨ ᠲᠠᠪᠠᠭᠤᠯᠢᠭ ᠲᠠᠯ᠎ᠠ ᠶᠢ ᠲᠠᠶᠢᠯᠪᠦᠷᠢᠯᠡᠨ᠂ ᠤᠨᠤᠯ ᠪᠤᠯᠤᠨ ᠦᠢᠯᠡᠳᠦᠯᠭᠡ ᠶᠢ ᠡᠪᠲᠠᠢ ᠤᠶᠠᠯᠳᠤᠭᠤᠯᠤᠨ᠂ ᠴᠠᠪᠴᠢᠬᠤ᠂ ᠰᠢᠷᠪᠢᠬᠦ᠂ ᠴᠤᠬᠢᠬᠤ᠂ ᠬᠦᠰᠢᠬᠦ ᠵᠡᠷᠭᠡ ᠦᠨᠳᠦᠰᠦᠨ ᠬᠦᠳᠡᠯᠬᠡᠬᠡᠨ ᠢ ᠪᠠᠶᠠᠴᠢᠯᠠᠨ ᠵᠢᠭᠠᠵᠦ᠂ ᠲᠠᠳᠡᠨᠦᠰ ᠢ ᠵᠤᠬᠢᠶᠠᠨ ᠪᠠᠶᠢᠭᠤᠯᠵᠦ ᠰᠢᠳᠠᠮ᠂ ᠪᠠᠮᠪᠠᠢ᠂ ᠰᠡᠷᠡᠭᠡ ᠶᠢᠨ ᠬᠠᠮᠠᠭᠠᠯᠠᠬᠤ᠂ ᠲᠠᠭᠠᠷᠢᠬᠤ᠂ ᠰᠠᠯᠭᠠᠨ ᠬᠡᠰᠡᠭᠯᠡᠬᠦ᠂ ᠬᠠᠰᠢᠬᠤ ᠵᠡᠷᠬᠡ ᠪᠠᠶᠢᠯᠳᠤᠬᠤ ᠠᠷᠭ᠎ᠠ ᠶᠢᠨ ᠡᠩᠨᠡᠭᠡᠨ ᠤ ᠬᠡᠯᠪᠡᠷᠢ ᠶᠢᠨ ᠪᠤᠯᠪᠠᠰᠤᠷᠠᠯ ᠢ ᠥᠷᠨᠢᠭᠦᠯᠪᠡ᠃ ᠪᠤᠯᠪᠠᠰᠤᠷᠠᠯ ᠤᠨ ᠶᠠᠪᠤᠴᠠ ᠳᠤ ᠰᠤᠷᠭᠠᠭᠴᠢ ᠠᠴᠠ ᠪᠤᠯᠪᠠᠰᠤᠷᠠᠯ ᠤᠨ ᠠᠯᠬᠤᠮ ᠳᠠᠷᠠᠭ᠎ᠠ᠂ ᠬᠡᠰᠡᠭ ᠬᠦᠳᠡᠯᠬᠡᠬᠡᠨ ᠪᠤᠯᠤᠨ ᠪᠦᠬᠦᠶᠢᠯᠡ ᠬᠦᠳᠡᠯᠬᠡᠬᠡᠨ ᠤ ᠬᠤᠭᠤᠷᠤᠨᠳᠤᠬᠢ ᠤᠷᠭᠠᠨᠢᠭ ᠬᠠᠷᠢᠴᠠᠭ᠎ᠠ   ᠶᠢ ᠨᠠᠷᠢᠯᠢᠭ ᠲᠠᠶᠢᠯᠪᠤᠷᠢᠯᠡᠵᠦ᠂ ᠲᠠᠬᠢᠨ ᠲᠠᠪᠲᠠᠨ ᠪᠤᠯᠪᠠᠰᠤᠷᠠᠭᠤᠯᠵᠦ᠂ ᠴᠠᠭᠳᠠᠭᠠᠨ ᠰᠢᠳᠠᠮ ᠪᠠᠮᠪᠠᠢ ᠰᠡᠷᠡᠭᠡ ᠶᠢ ᠳᠦᠷᠢᠮᠵᠢᠬᠦᠨ᠂ ᠵᠦᠪ᠂ ᠱᠠᠯᠠᠮᠠᠭᠠᠢ ᠬᠡᠷᠡᠭᠯᠡᠬᠦ ᠴᠢᠳᠠᠪᠤᠷᠢ ᠶᠢ ᠢᠯᠡᠤᠠᠲᠠ ᠲᠡᠭᠡᠭᠰᠢᠯᠡᠬᠦᠯᠵᠦ᠂ ᠬᠠᠪᠰᠤᠷᠤᠭᠴᠢ ᠴᠠᠭᠳᠠᠭᠠᠨ ᠤ ᠡᠩᠨᠡᠭᠡᠨ ᠤ ᠶᠡᠷᠦᠩᠭᠡᠢ ᠬᠡᠪ ᠪᠣᠯᠪᠠᠰᠤᠷᠠᠯ ᠢ ᠢᠯᠡᠳᠳᠡ ᠳᠡᠭᠡᠭᠰᠢᠯᠡᠭᠦᠯᠪᠡ᠃ ︵ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠪᠠᠢ ᠴᠦᠨ ᠰᠢᠶᠠ ᠮᠡᠳᠡᠭᠡᠯᠡᠪᠡ︶
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ