ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠭᠠᠴᠠᠭᠠᠨ ᠤ ᠴᠠᠭᠲᠠᠭᠠᠨ ᠶᠠᠪᠤᠲᠠᠯ ᠤᠨ ᠲᠤᠰᠠᠯᠠᠭᠴᠢ ᠳᠤ ᠴᠠᠭᠲᠠᠭᠠᠨ ᠬᠤᠪᠴᠠᠰᠣ ᠵᠠᠰᠠᠯ ᠲᠠᠷᠬᠠᠭᠠᠬᠤ ᠶᠤᠰᠤᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/9/22
         ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ          ᠲᠤᠪᠴᠢᠶ᠎ᠠ ᠭᠠᠴᠠᠭᠠᠨ ᠤ ᠴᠠᠭᠲᠠᠭᠠᠨ ᠶᠠᠪᠤᠲᠠᠯ ᠤᠨ ᠲᠤᠰᠠᠯᠠᠭᠴᠢ ᠳᠤ          ᠴᠠᠭᠲᠠᠭᠠᠨ ᠬᠤᠪᠴᠠᠰᠣ ᠵᠠᠰᠠᠯ ᠲᠠᠷᠬᠠᠭᠠᠬᠤ ᠶᠤᠰᠤᠯᠠᠯ ᠶᠠᠪᠤᠭᠤᠯᠪᠠ          9 ᠳ᠋ᠦ᠋ᠭᠡᠷ ᠰᠠᠷ᠎ᠠ ᠶᠢᠨ 13 ᠤ ᠡᠲᠤᠷ᠂ ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠠᠴᠠ ᠨᠢᠭᠡ ᠭᠠᠴᠠᠭᠠᠨ ᠳᠤ ᠨᠢᠭᠡ ᠴᠠᠭᠳᠠᠭᠠᠨ ᠶᠠᠪᠤᠲᠠᠯ ᠤᠨ ᠲᠤᠰᠠᠯᠠᠭᠴᠢ ᠶᠢᠨ ᠠᠵᠢᠯ ᠢ ᠡᠮᠬᠢ ᠵᠢᠷᠤᠮ ᠲᠠᠢ ᠶᠠᠪᠤᠭᠲᠠᠬᠤ ᠶᠢ ᠠᠬᠢᠭᠤᠯᠬᠤ ᠶᠢᠨ ᠲᠦᠯᠦᠭᠡ᠂ ᠭᠠᠴᠠᠭᠠᠨ ᠤ ᠴᠠᠭᠲᠠᠭᠠᠨ ᠤ ᠶᠠᠪᠤᠲᠠᠯ  ᠤᠨ ᠲᠤᠰᠠᠯᠠᠭᠴᠢ ᠳᠤ ᠴᠠᠭᠲᠠᠭᠠᠨ ᠬᠤᠪᠴᠠᠰᠣ ᠵᠠᠰᠠᠯ ᠲᠠᠷᠬᠠᠭᠠᠨ ᠦᠭᠬᠦ ᠶᠤᠰᠤᠯᠠᠯ ᠶᠠᠪᠤᠭᠲᠠᠭᠤᠯᠪᠠ᠃     ᠤᠷᠴᠢᠮ ᠤᠨ ᠵᠢᠯ ᠳᠤ᠂ ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠨᠢ ᠬᠠᠷᠢᠶᠠᠲᠤ ᠤᠷᠤᠨ ᠤ ᠨᠡᠶᠢᠭᠡᠮ ᠤᠨ ᠠᠮᠤᠷ ᠲᠤᠭᠳᠠᠭᠤᠨ ᠢ ᠤᠯᠠᠮ ᠨᠢᠭᠡ ᠠᠯᠬᠤᠮ ᠪᠠᠲᠤᠯᠠᠬᠤ ᠶᠢᠨ ᠲᠦᠯᠦᠭᠡ᠂ ᠨᠢᠭᠡ ᠭᠠᠴᠠᠭᠠᠨ ᠳᠤ ᠨᠢᠭᠡ ᠴᠠᠭᠳᠠᠭᠠᠨ ᠶᠠᠪᠤᠲᠠᠯ ᠤᠨ ᠲᠤᠰᠠᠯᠠᠭᠴᠢ ᠶᠢᠨ ᠠᠵᠢᠯ ᠤᠨ ᠪᠠᠶᠢᠷᠢᠰᠢᠭᠤᠯᠤᠯᠲᠠ ᠪᠠᠷ ᠲᠠᠮᠵᠢᠨ᠂ ᠦᠨᠲᠤᠰᠤᠨ ᠱᠠᠳᠤᠨ ᠤ ᠲᠤᠲᠤᠭᠠᠲᠤ ᠶᠢ ᠬᠠᠮᠠᠭᠠᠯᠠᠬᠤ ᠴᠠᠭᠲᠠᠭᠠᠨ ᠡᠩᠨᠡᠭᠡᠨ ᠤ ᠲᠤᠰᠠᠯᠠᠭᠴᠢ ᠬᠦᠴᠦ ᠪᠠᠨ ᠳᠠᠰᠤᠷᠠᠯᠳᠠ ᠦᠭᠡᠢ ᠳᠡᠬᠦᠯᠲᠡᠷᠵᠢᠬᠦᠯᠦᠨ᠂ ᠪᠦᠬᠦ ᠲᠠᠯ᠎ᠠ ᠪᠠᠷ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠲᠡᠬᠦ ᠦᠢᠯᠡᠲᠤᠯ ᠴᠢᠲᠠᠪᠬᠢ ᠪᠠᠨ ᠪᠠᠳᠠᠷᠠᠭᠤᠯᠵᠤ᠂ ︽ᠴᠠᠭᠲᠠᠭᠠᠨ ᠬᠦᠴᠦ ᠴᠠᠭᠲᠠᠭᠠᠨ ᠶᠠᠪᠤᠲᠠᠯ ᠢ ᠲᠠᠭᠠᠵᠤ ᠶᠠᠪᠤᠬᠤ᠂ ᠴᠠᠭᠲᠠᠭᠠᠨ ᠶᠠᠪᠤᠲᠠᠯ ᠴᠠᠭᠲᠠᠭᠠᠨ ᠪᠠᠶᠢᠲᠠᠯ ᠢ ᠲᠠᠭᠠᠵᠤ ᠶᠠᠪᠤᠬᠤ︾ ᠠᠵᠢᠯ ᠤᠨ ᠱᠠᠭᠠᠷᠲᠠᠯᠭ᠎ᠠ ᠶᠤᠰᠤᠭᠠᠷ᠂ ᠬᠠᠷᠢᠶᠠᠲᠤ ᠤᠷᠤᠨ ᠳᠠᠬᠢ ᠴᠠᠭᠲᠠᠭᠠᠨ ᠶᠠᠪᠤᠲᠠᠯ ᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠵᠡᠷᠴᠢᠮ ᠢᠶᠠᠨ ᠲᠦᠷᠢᠮᠵᠢᠬᠦᠯᠦᠨ᠂ ᠴᠠᠭᠲᠠᠭᠠᠨ ᠤ ᠦᠵᠡᠭᠲᠡᠬᠦ ᠨᠤᠷᠮ᠎ᠠ ᠪᠠᠨ ᠲᠡᠭᠡᠭᠰᠢᠯᠡᠬᠦᠯᠵᠦ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠬᠦᠴᠢᠷ ᠠᠰᠠᠭᠤᠲᠠᠯ ᠢ ᠰᠢᠢᠳᠪᠦᠷᠢᠯᠡᠵᠤ᠂ ᠠᠷᠠᠳ ᠲᠦᠮᠡᠨ ᠤ ᠠᠮᠤᠷ ᠲᠦᠪᠰᠢᠨ ᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠬᠦᠯᠤᠨ᠎ᠡ᠃ ︵ᠰᠦᠨᠢᠳ ᠵᠡᠭᠦᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ