ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠤᠷᠢᠶᠠᠨ ᠬᠠᠳᠠᠭᠠᠯᠠᠭᠰᠠᠨ ᠡᠳ᠋ ᠪᠣᠳᠠᠰ ᠬᠠᠨᠳᠢᠪᠯᠠᠨ ᠬᠦᠷᠭᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/9/22
     ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠤᠷᠢᠶᠠᠨ      ᠬᠠᠳᠠᠭᠠᠯᠠᠭᠰᠠᠨ  ᠡᠳ᠋  ᠪᠣᠳᠠᠰ  ᠬᠠᠨᠳᠢᠪᠯᠠᠨ  ᠬᠦᠷᠭᠡᠬᠦ  ᠶᠣᠰᠣᠯᠠᠯ  ᠶᠠᠪᠤᠭᠤᠯᠪᠠ      9 ᠳ᠋ᠦ᠋ᠭᠡᠷ ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠤᠷᠢᠶᠠᠨ ᠬᠠᠳᠠᠭᠠᠯᠠᠭᠰᠠᠨ ᠡᠳ᠋ ᠪᠣᠳᠠᠰ ᠬᠠᠨᠳᠢᠪᠯᠠᠨ ᠬᠦᠷᠭᠡᠬᠦ ᠶᠣᠰᠣᠯᠠᠯ ᠶᠠᠪᠤᠭᠤᠯᠪᠠ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠢᠶᠠ ᠵᠢᠩ ᠸᠧᠨ᠂ ᠬᠥᠯᠥᠨ ᠪᠤᠶᠢᠷ ᠤᠨ ᠵᠠᠯᠠᠨ ᠠᠶᠢᠯ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨᠠᠨ ᠪᠠᠶᠢᠴᠠᠭᠠᠬᠤ ᠬᠠᠤᠯᠢ ᠲᠦᠷᠢᠮ ᠤᠨ ᠶᠡᠭᠡ ᠠᠩᠬᠢ ᠶᠢᠨ ᠴᠠᠭᠳᠠᠭ᠎ᠠ ᠯᠢ ᠽᠧ ᠴᠢᠩ ᠲᠤᠰ ᠲᠤᠰ ᠬᠠᠳᠠᠭᠠᠯᠠᠮᠵᠢ ᠶᠢᠨ ᠪᠣᠳᠠᠰ ᠬᠠᠨᠳᠢᠪᠯᠠᠪᠠ᠃ ᠵᠢᠶᠠ ᠵᠢᠩ ᠸᠧᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠲᠢᠩᠬᠢᠮ ᠤᠨ ᠤᠳᠤᠷᠢᠳᠤᠯᠭ᠎ᠠ ᠨᠠᠷ ᠢ ᠲᠥᠯᠥᠭᠡᠯᠡᠨ ᠶᠣᠰᠣᠯᠠᠯ ᠳᠤ ᠣᠷᠣᠯᠴᠠᠵᠤ᠂ ᠯᠢ ᠽᠧ ᠴᠢᠩ ᠳᠤ ᠬᠠᠳᠠᠭᠠᠯᠠᠮᠠᠯ ᠡᠳ᠋ ᠢ ᠬᠠᠨᠳᠢᠪᠯᠠᠨ ᠬᠦᠷᠭᠡᠭᠰᠡᠨ ᠦᠨᠡᠮᠯᠡᠯ ᠣᠯᠭᠤᠭᠰᠠᠨ ᠪᠥᠭᠡᠳ ᠶᠠᠷᠢᠶ᠎ᠠ ᠲᠠᠯᠪᠢᠵᠠᠢ᠃ ᠠᠯᠪᠠᠨ ᠬᠡᠷ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠸᠠᠩ ᠬᠠᠶ ᠰᠢᠤ ᠬᠠᠨᠳᠢᠪᠯᠠᠨ ᠬᠦᠷᠭᠡᠬᠦ ᠶᠣᠰᠣᠯᠠᠯ ᠢ ᠡᠷᠭᠢᠯᠡᠵᠦ᠂ ᠲᠢᠩᠬᠢᠮ ᠤᠨ ᠠᠯᠪᠠᠨ ᠬᠡᠷ ᠤᠨ ᠲᠠᠩᠰᠠ ᠡᠪᠬᠡᠮᠡᠯ ᠤᠨ ᠰᠠᠯᠠᠭ᠎ᠠ᠂ ᠨᠠᠶᠢᠷᠠᠭᠤᠯᠤᠨ ᠣᠷᠴᠢᠭᠤᠯᠬᠤ ᠲᠠᠰᠤᠭ ᠤᠨ ᠬᠤᠯᠪᠣᠭᠳᠠᠯ ᠪᠥᠬᠦᠶ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠠᠨᠳᠢᠪᠯᠠᠨ ᠬᠦᠷᠭᠡᠬᠦ ᠶᠣᠰᠣᠯᠠᠯ ᠳᠤ ᠣᠷᠤᠯᠴᠠᠪᠠ᠃
     ᠬᠠᠨᠳᠢᠪᠯᠠᠨ ᠬᠦᠷᠭᠡᠬᠦ ᠶᠣᠰᠣᠯᠠᠯ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠢᠶᠠ ᠵᠢᠩ ᠸᠧᠨ ᠠᠴᠠ ᠴᠢᠩ ᠤᠯᠤᠰ ᠤᠨ ᠰᠠᠶᠢᠰᠢᠶᠠᠯᠲᠤ ᠢᠷᠥᠭᠡᠯᠲᠦ ᠶᠢᠨ 8 ᠵᠢᠯ ᠤᠨ ᠠᠯᠠᠱᠠ ᠬᠤᠱᠤᠳ ᠥᠭᠡᠯᠡᠳ ᠬᠤᠰᠢᠭᠤᠨ ᠤ ᠪᠢᠳᠢᠩ ᠤᠨ ᠳᠡᠪᠲᠡᠷ᠂ ᠢᠷᠭᠡᠨ ᠤᠯᠤᠰ ᠤᠨ 7 ᠵᠢᠯ ᠤᠨ ᠠᠯᠠᠱᠠ ᠬᠤᠱᠤᠳ ᠬᠤᠰᠢᠭᠤᠨ ᠤ ᠬᠥᠮᠦᠨ ᠠᠮᠠ ᠶᠢᠨ ᠪᠦᠷᠢᠳᠬᠡᠯ ᠤᠨ ᠳᠡᠪᠲᠡᠷ᠂ ᠲᠥᠷᠥ ᠭᠡᠷᠡᠯᠲᠦ ᠶᠢᠨ 28 ᠵᠢᠯ ᠤᠨ ᠠᠯᠠᠱᠠ ᠬᠤᠱᠤᠳ ᠬᠤᠰᠢᠭᠤᠨ ᠤ ᠲᠡᠮᠡᠭᠡᠨ ᠳᠤ ᠬᠠᠵᠠᠭᠳᠠᠵᠤ ᠰᠢᠷᠬᠠᠲᠤᠭᠰᠠᠨ ᠵᠠᠭᠤᠷᠠᠯᠳᠤᠭᠠᠨ ᠤ ᠬᠡᠷᠡᠭ ᠤᠨ ᠲᠠᠰᠤᠯᠤᠯᠲᠠ ᠶᠢᠨ ᠪᠢᠴᠢᠭ ᠵᠡᠷᠭᠡ ᠲᠡᠦᠬᠡ ᠶᠢᠨ ᠳᠤᠷᠠᠰᠬᠠᠯᠲᠤ ᠵᠦᠢᠯ ᠤᠨ ᠠᠩᠬᠠᠨ ᠤ ᠪᠠᠭᠤᠯᠭᠠᠪᠤᠷᠢ ᠲᠤᠰ ᠪᠦᠷᠢ 1 ᠬᠤᠪᠢ ︵ᠳᠡᠪᠲᠡᠷ︶ ᠬᠠᠨᠳᠢᠪᠯᠠᠪᠠ᠃ ᠬᠥᠯᠥᠨ ᠪᠤᠶᠢᠷ ᠤᠨ ᠵᠠᠯᠠᠨ ᠠᠶᠢᠯ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠱᠠᠯᠠᠪᠳᠠᠭᠤᠯᠤᠨ ᠪᠠᠶᠢᠴᠠᠭᠠᠬᠤ ᠬᠠᠤᠯᠢ ᠲᠦᠷᠢᠮ ᠤᠨ ᠶᠡᠭᠡ ᠠᠩᠬᠢ ᠶᠢᠨ ᠠᠷᠠᠳ ᠤᠨ ᠴᠠᠭᠳᠠᠭ᠎ᠠ ᠯᠢ ᠽᠧ ᠴᠢᠩ ᠰᠦᠢᠶᠤᠸᠠᠨ ᠤ ᠦᠶ᠎ᠡ ᠶᠢᠨ ᠳᠣᠲᠣᠭᠠᠳᠤ ᠶᠢ ᠬᠠᠮᠠᠭᠠᠯᠠᠬᠤ 27 ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠦᠬᠡ ᠶᠢᠨ ᠮᠠᠲ᠋ᠧᠷᠢᠶᠠᠯ ᠢ ᠬᠠᠨᠳᠢᠪᠯᠠᠭᠰᠠᠨ ᠪᠥᠭᠡᠳ ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠦᠬᠡ ᠶᠢᠨ ᠮᠠᠲ᠋ᠧᠷᠢᠶᠠᠯ ᠤᠨ ᠢᠷᠡᠯᠳᠡ ᠶᠢ ᠲᠤᠰ ᠲᠤᠰ ᠨᠠᠷᠢᠨ ᠲᠠᠨᠢᠯᠴᠠᠭᠤᠯᠪᠠ᠃
     ᠵᠢᠶᠠ ᠵᠢᠩ ᠸᠧᠨ᠂ ᠴᠠᠭᠳᠠᠭᠠᠨ ᠤ ᠮᠦᠽᠧᠶ ᠪᠠᠶᠢᠭᠤᠯᠬᠤ ᠪᠣᠯ ᠮᠠᠰᠢ ᠴᠢᠬᠤᠯᠠ ᠲᠠᠢ ᠶᠤᠮ᠃ ᠠᠷᠠᠳ ᠤᠨ ᠳᠣᠲᠣᠭᠠᠳᠤ ᠶᠢ ᠬᠠᠮᠠᠭᠠᠯᠠᠬᠤ  ᠲᠡᠦᠬᠡ ᠪᠣᠯ ᠨᠠᠮ ᠳᠤ ᠪᠠᠨ ᠦᠨᠡᠨᠴᠢ ᠰᠢᠳᠤᠷᠭᠤ᠂ ᠡᠷᠡᠯᠬᠡᠭ ᠪᠠᠭᠠᠲᠤᠷᠯᠢᠭ ᠢᠶᠠᠷ ᠳᠡᠮᠡᠴᠡᠭᠰᠡᠨ᠂ ᠬᠠᠷᠠᠮ ᠦᠭᠡᠶ ᠵᠢᠳᠬᠦᠭᠰᠡᠨ ᠢᠷᠠᠭᠤ ᠠᠯᠳᠠᠷᠲᠤ ᠲᠡᠦᠬᠡ ᠮᠥᠨ᠂ ᠴᠠᠭᠳᠠᠭᠠᠨ ᠤ ᠮᠦᠽᠧᠢ ᠶᠢᠨ ᠢᠯᠡᠷᠡᠭᠦᠯᠦᠭᠰᠡᠨ ᠳᠣᠲᠣᠭᠠᠳᠤ ᠶᠢ ᠬᠠᠮᠠᠭᠠᠯᠠᠬᠤ ᠲᠡᠦᠬᠡ ᠶᠢᠨ ᠡᠳ᠋ ᠪᠤᠳᠠᠰ ᠪᠣᠯ ᠠᠮᠢᠳᠤᠯᠢᠭ ᠪᠥᠭᠡᠳ ᠳᠤᠲᠠᠭᠳᠠᠵᠤ ᠪᠣᠯᠤᠰᠢ ᠦᠭᠡᠢ᠂ ᠲᠡᠷᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠨᠢᠭᠡ ᠬᠡᠰᠡᠭ ᠮᠥᠨ᠂ ᠴᠠᠭᠳᠠᠭᠠᠨ ᠤ ᠮᠦᠽᠧᠢ ᠶᠢ ᠰᠠᠶᠢᠲᠤᠷ ᠪᠠᠶᠢᠭᠤᠯᠬᠤ ᠪᠣᠯ ᠲᠡᠦᠬᠡ ᠶᠢᠨ ᠲᠤᠬᠠᠢ ᠪᠠᠲᠤ ᠴᠡᠭᠡᠵᠢᠯᠡᠯ ᠮᠥᠨ᠂ ᠳᠡᠭᠡᠳᠦᠰ ᠤᠨ ᠶᠠᠪᠤᠵᠤ ᠢᠷᠡᠭᠰᠡᠨ ᠵᠠᠮ ᠤᠨ ᠲᠤᠬᠠᠢ ᠪᠠᠲᠤ ᠴᠡᠭᠡᠵᠢᠯᠡᠯ ᠮᠥᠨ᠂ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠂ ᠪᠠᠰᠠ ᠴᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠠ ᠤᠯᠠᠨ ᠢ ᠰᠤᠷᠭᠠᠨ ᠬᠥᠮᠦᠵᠢᠭᠦᠯᠬᠦ ᠠᠮᠢᠳᠤᠯᠢᠭ ᠵᠢᠭᠠᠬᠤ ᠮᠠᠲ᠋ᠧᠷᠢᠶᠠᠯ ᠮᠥᠨ᠃ ᠣᠳᠣᠬᠠᠨ ᠳᠤ᠂ ᠪᠢᠳᠡ ᠶᠠᠭ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠬᠢᠵᠦ ᠪᠠᠶᠢᠨ᠎ᠠ᠂ ᠳᠣᠲᠣᠭᠠᠳᠤ ᠶᠢ ᠬᠠᠮᠠᠭᠠᠯᠠᠬᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠡᠤᠬᠡᠨ ᠮᠠᠲ᠋ᠧᠷᠢᠶᠠᠯ ᠵᠢᠴᠢ ᠬᠠᠳᠠᠭᠠᠯᠠᠮᠵᠢ ᠶᠢᠨ ᠵᠦᠢᠯᠡᠰ ᠤᠨ ᠲᠡᠥᠬᠡᠨ ᠥᠯᠢᠭᠡᠷ ᠨᠢ ᠠᠷᠠᠳ ᠤᠨ ᠴᠠᠭᠳᠠᠭ᠎ᠠ ᠶᠢᠨ ︽ᠳᠥᠷᠪᠡᠨ ᠤᠬᠠᠮᠰᠠᠷ︾ ᠢ ᠴᠢᠩᠭᠠᠳᠬᠠᠬᠤ᠂ ︽ ᠳᠥᠷᠪᠡᠨ  ᠢᠲᠡᠭᠡᠯ  ︾  ᠢ  ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ ᠦᠨᠡᠨᠴᠢ ᠰᠢᠳᠤᠷᠭᠤ ᠴᠠᠭᠳᠠᠭ᠎ᠠ ᠶᠢᠨ ᠰᠦᠭ ᠰᠦᠨᠡᠰᠦ ᠶᠢ ᠱᠣᠭᠤᠬᠤ ᠳᠤ ᠴᠢᠬᠤᠯᠠ ᠦᠢᠯᠡᠳᠦᠯ ᠦᠵᠡᠭᠦᠯᠪᠡ ᠭᠡᠵᠡᠢ᠃
     ᠲᠡᠷᠡ᠂ ᠴᠠᠭᠳᠠᠭᠠᠨ ᠤ ᠮᠦᠽᠧᠢ ᠲᠤᠭ ᠢᠶᠠᠨ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ  ᠬᠥᠭᠵᠢᠭᠦᠯᠬᠦ᠂ ᠲᠦᠷᠢ ᠲᠥᠷᠬᠦ ᠶᠢ ᠳᠡᠯᠭᠡᠨ ᠦᠵᠡᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠤᠢ᠃ ᠴᠠᠭᠳᠠᠭᠠᠨ ᠤ ᠮᠦᠽᠧᠶ ᠪᠠᠶᠢᠭᠤᠯᠬᠤ ᠨᠢ ᠵᠠᠯᠠᠭᠤᠴᠤᠳ ᠢ ᠰᠡᠩᠬᠡᠷᠡᠭᠦᠯᠵᠦ᠂ ᠬᠤᠶᠢᠴᠢ ᠦᠶ᠎ᠡ ᠶᠢᠨ ᠬᠢᠨ ᠢ ᠬᠥᠮᠦᠵᠢᠭᠦᠯᠦᠨ ᠴᠠᠭᠳᠠᠭ᠎ᠠ ᠶᠢ ᠲᠠᠨᠢᠭᠤᠯᠬᠤ᠂ ᠴᠠᠭᠳᠠᠭ᠎ᠠ ᠶᠢ ᠣᠶᠢᠯᠠᠭᠠᠬᠤ᠂ ᠴᠠᠭᠳᠠᠭᠠᠨ ᠤ ᠦᠢᠯᠡᠰ ᠢ ᠳᠡᠮᠵᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ᠃ ᠴᠠᠭᠳᠠᠭ᠎ᠠ ᠶᠢᠨ ᠮᠦᠽᠧᠢ ᠪᠠᠶᠢᠭᠤᠯᠬᠤ ᠴᠢᠬᠤᠯᠠ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠲᠡᠭᠦᠨ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠠᠮᠢᠳᠤ ᠰᠣᠷᠭᠤᠭ ᠠᠴᠢᠶᠠᠯᠠᠪᠤᠷᠢ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠰᠢᠯᠢᠳᠡᠭ ᠤᠯᠠᠮᠵᠢᠯᠠᠯ ᠢ ᠤᠯᠠᠮᠵᠢᠯᠠᠬᠤ᠂ ᠪᠦᠬᠦ ᠴᠠᠭᠳᠠᠭ᠎ᠠ ᠶᠢᠨ ᠬᠦᠰᠡᠯᠡᠩ ᠢᠲᠡᠭᠡᠯ ᠪᠢᠰᠢᠷᠡᠯ ᠢ ᠪᠠᠲᠤᠳᠬᠠᠬᠤ  ᠦᠵᠡᠯ  ᠰᠠᠨᠠᠭᠠᠨ  ᠤ  ᠵᠢᠭᠰᠠᠭᠠᠯ  ᠤᠨ  ᠭᠠᠵᠠᠷ ᠪᠣᠯᠭᠠᠵᠤ᠂ ᠲᠡᠮᠡᠴᠡᠯ ᠤᠨ ᠬᠦᠴᠦᠨ ᠢ ᠰᠢᠩᠭᠡᠭᠡᠨ ᠠᠪᠴᠤ᠂ ᠲᠠᠰᠤᠷᠠᠯᠲᠠ ᠦᠭᠡᠢ ᠢᠯᠠᠯᠲᠠ ᠲᠠᠢ ᠪᠠᠷ ᠤᠷᠤᠭᠰᠢᠯᠠᠬᠤ ᠤᠶᠤᠨ ᠰᠠᠨᠠᠭᠠᠨ ᠤ ᠬᠦᠷᠢᠶᠡᠯᠡᠩ ᠪᠣᠯᠭᠠᠵᠤ᠂ ᠮᠦᠽᠧᠢ ᠶᠢᠨ ᠲᠡᠦᠬᠡ ᠶᠢᠨ ᠡᠳ᠋ ᠪᠣᠳᠠᠰ ᠢ ᠦᠨᠡᠨ ᠬᠦ ᠰᠠᠶᠢᠲᠤᠷ ᠬᠠᠳᠠᠭᠠᠯᠠᠵᠤ᠂ ᠬᠠᠮᠢᠶᠠᠷᠴᠤ᠂ ᠬᠡᠷᠡᠭᠯᠡᠵᠦ᠂ ᠠᠷᠠᠳ ᠤᠨ ᠴᠠᠭᠳᠠᠭ᠎ᠠ ᠶᠢᠨ ᠬᠠᠷᠢᠶᠠᠯᠠᠭᠳᠠᠬᠤ ᠲᠦᠷᠦᠭᠳᠡᠯ᠂ ᠡᠭᠦᠷᠭᠡᠲᠦ ᠲᠦᠷᠦᠭᠳᠡᠯ᠂ ᠲᠤᠬᠠᠶᠢᠯᠠᠭᠰᠠᠨ ᠠᠵᠢᠯ ᠤᠨ ᠣᠮᠤᠭ ᠪᠠᠭ᠋ᠠᠳᠤᠯᠲᠤ ᠲᠦᠷᠦᠭᠳᠡᠯ ᠢ ᠬᠥᠭᠵᠢᠭᠡᠬᠦ ᠂ ᠵᠠᠰᠠᠭ ᠲᠤ ᠲᠤᠰᠠᠯᠠᠵᠤ ᠴᠠᠭᠳᠠᠭ᠎ᠠ ᠶᠢ ᠬᠥᠮᠥᠵᠢᠭᠦᠯᠬᠦ ᠰᠣᠶᠣᠯ ᠤᠨ ᠥᠨᠳᠦᠷᠯᠢᠭ ᠭᠠᠵᠠᠷ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
     ᠲᠡᠷᠡ᠂ ᠴᠠᠭᠳᠠᠭᠠᠨ ᠤ ᠮᠦᠽᠧᠶ ᠶᠢᠨ ᠪᠠᠶᠢᠭᠤᠯᠤᠯᠲᠠ ᠶᠢᠨ ᠠᠵᠢᠯ ᠳᠤ ᠵᠠᠪᠠᠯ ᠶᠡᠭᠡ ᠬᠡᠮᠵᠢᠶᠡᠨ ᠤ ᠬᠥᠮᠦᠨ ᠤ ᠬᠦᠴᠦ ᠪᠣᠳᠠᠰ ᠤᠨ ᠬᠦᠴᠦ ᠡᠳ᠋ ᠤᠨ ᠬᠦᠴᠦ  ᠵᠠᠷᠤᠴᠠᠭᠤᠯᠵᠤ᠂ ᠬᠠᠷᠢᠭᠤᠴᠠᠯᠭᠠᠲᠤ ᠰᠡᠳᠬᠢᠯᠭᠡ ᠲᠠᠢ ᠨᠥᠬᠦᠳ ᠢ ᠵᠣᠬᠢᠶᠠᠨ ᠪᠠᠶᠢᠭᠤᠯᠵᠤ᠂ ᠴᠠᠭᠳᠠᠭᠠᠨ ᠤ ᠮᠦᠽᠧᠶ ᠶᠢ ᠡᠭᠦᠰᠭᠡᠨ ᠪᠠᠶᠢᠭᠤᠯᠬᠤ ᠬᠡᠷᠡᠭᠳᠡᠢ᠃ ᠠᠵᠢᠯ ᠤᠨ ᠳᠤᠮᠳᠠ ᠪᠠᠨ ᠬᠤᠷᠢᠶᠠᠨ ᠬᠠᠳᠠᠭᠠᠯᠠᠭᠴᠢᠳ ᠤᠨ ᠴᠠᠭᠳᠠᠭ᠎ᠠ ᠶᠢᠨ ᠦᠢᠯᠡᠰ ᠲᠤ ᠬᠠᠶᠢᠷᠠᠲᠠᠶ ᠪᠠᠶᠢᠬᠤ ᠶᠢ ᠭᠦᠢᠴᠡᠳ ᠲᠠᠶᠢᠴᠢᠯᠠᠵᠦ᠂ ᠬᠠᠳᠠᠭᠠᠯᠠᠭᠴᠢ ᠨᠠᠶᠢᠵᠠ ᠨᠠᠷ ᠢ ᠡᠨᠡ ᠬᠦ ᠠᠵᠢᠯ ᠳᠤ ᠣᠷᠣᠯᠴᠠᠭᠤᠯᠬᠤ ᠪᠠᠷ ᠪᠠᠷᠠᠬᠤ ᠦᠭᠡᠢ᠂ ᠪᠠᠰᠠ ᠨᠡᠶᠢᠭᠡᠮ ᠤᠨ ᠨᠡᠩ ᠤᠯᠠᠨ ᠬᠥᠮᠦᠰ ᠢ ᠲᠠᠶᠢᠴᠢᠯᠠᠨ ᠣᠷᠣᠯᠴᠠᠭᠤᠯᠵᠤ  ᠂  ᠳᠠᠯᠳᠠ  ᠬᠦᠴᠦᠨ  ᠢ  ᠨᠢᠭᠡ  ᠠᠯᠬᠤᠮ  ᠭᠦᠨᠵᠡᠭᠡᠶ ᠠᠭᠤᠳᠠᠯᠵᠤ᠂ ᠲᠡᠦᠬᠡ ᠶᠢᠨ ᠮᠠᠲ᠋ᠧᠷᠢᠶᠠᠯ ᠪᠠ ᠲᠡᠦᠬᠡ ᠶᠢᠨ ᠳᠤᠷᠠᠰᠬᠠᠯᠲᠤ ᠵᠦᠢᠯ ᠤᠨ ᠦᠵᠡᠭᠦᠯᠦᠯᠭᠡ ᠶᠢᠨ ᠵᠦᠢᠯᠡᠰ ᠤᠨ ᠠᠩᠬᠠᠨ ᠤ ᠴᠢᠨᠠᠷ᠂ ᠪᠦᠬᠦ ᠲᠠᠯᠠᠲᠤ ᠴᠢᠨᠠᠷ᠂ ᠦᠷᠭᠦᠯᠵᠢᠯᠡᠬᠦ ᠴᠢᠨᠠᠷ ᠪᠠ ᠤᠯᠠᠨ ᠶᠠᠩᠵᠤᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ︔ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ᠂ ᠰᠢᠯᠢᠳᠡᠭ ᠤᠯᠠᠮᠵᠢᠯᠠᠯᠳᠤ ᠬᠥᠮᠦᠵᠢᠯ᠂ ᠰᠣᠶᠣᠯ ᠤᠨ ᠤᠬᠠᠭᠤᠯᠭ᠎ᠠ ᠬᠥᠮᠦᠵᠢᠯ ᠤᠨ ᠴᠢᠳᠠᠮᠵᠢ ᠶᠢ ᠤᠯᠠᠮ ᠴᠢᠨᠠᠭᠰᠢᠳᠠ ᠪᠠᠶᠠᠯᠢᠭᠵᠢᠭᠤᠯᠤᠨ ᠲᠡᠭᠦᠯᠳᠡᠷᠵᠢᠭᠦᠯᠵᠦ ᠪᠠᠳᠠᠷᠠᠭᠤᠯᠬᠤ ᠬᠡᠷᠡᠭᠲᠡᠢ︔ ᠬᠡᠷᠡᠭᠯᠡᠯᠲᠡ ᠶᠢ ᠴᠢᠨᠠᠭᠰᠢᠳᠠ ᠥᠷᠭᠡᠳᠬᠡᠵᠦ᠂ ᠨᠡᠶᠢᠭᠡᠮ ᠤᠨ ᠴᠢᠨᠠᠷᠲᠠᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠠᠮᠤᠷ ᠲᠦᠪᠰᠢᠨ ᠤ ᠬᠥᠮᠦᠵᠢᠯ ᠤᠨ ᠭᠤᠣᠯ ᠰᠡᠳᠦᠪᠲᠦ ᠠᠵᠢᠯᠯᠠᠭ᠎ᠠ ᠶᠢ ᠰᠦᠪᠡᠭᠴᠢᠯᠡᠨ ᠥᠷᠨᠢᠭᠦᠯᠵᠦ᠂ ᠬᠥᠮᠦᠨ ᠪᠦᠬᠦᠨ ᠠᠩᠬᠠᠷᠤᠯ ᠲᠠᠯᠪᠢᠬᠤ᠂ ᠬᠥᠮᠦᠨ ᠪᠦᠬᠦᠨ ᠣᠷᠣᠯᠴᠠᠬᠤ ᠳᠤ ᠬᠦᠷᠦᠭᠦᠯᠵᠦ᠂ ᠴᠠᠭᠳᠠᠭ᠎ᠠ ᠶᠢᠨ ᠦᠯᠢᠭᠡᠷ ᠢ ᠰᠠᠶᠢᠲᠤᠷ ᠶᠠᠷᠢᠵᠤ᠂ ᠤᠶᠤᠨ ᠤ ᠲᠡᠵᠢᠭᠡᠯ ᠢᠶᠠᠷ ᠳᠠᠮᠵᠢᠨ ᠰᠢᠮ᠎ᠡ ᠲᠡᠵᠢᠭᠡᠯ ᠨᠥᠬᠦᠪᠥᠷᠢᠯᠡᠵᠦ᠂ ᠴᠢᠨᠠᠷ ᠰᠠᠶᠢᠲᠠᠢ ᠲᠠᠢ ᠪᠠᠷ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ