ᠥᠪᠥᠷ ᠮᠣᠩᠭᠤᠯ ᠤᠨ ᠴᠠᠭᠳᠠᠭᠠᠨ ᠤ ᠮᠦᠽᠧᠶ ᠶᠢᠨ ᠲᠡᠦᠬᠡ ᠶᠢᠨ ᠳᠤᠷᠠᠰᠬᠠᠯᠲᠤ ᠵᠦᠢᠯ ᠢ ᠴᠤᠭᠯᠠᠭᠤᠯᠬᠤ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2021/9/7
       ᠥᠪᠥᠷ ᠮᠣᠩᠭᠤᠯ ᠤᠨ ᠴᠠᠭᠳᠠᠭᠠᠨ ᠤ ᠮᠦᠽᠧᠶ ᠶᠢᠨ ᠲᠡᠦᠬᠡ ᠶᠢᠨ        ᠳᠤᠷᠠᠰᠬᠠᠯᠲᠤ ᠵᠦᠢᠯ ᠢ ᠴᠤᠭᠯᠠᠭᠤᠯᠬᠤ ᠲᠤᠬᠠᠶ ᠠᠯᠪᠠᠨ ᠵᠠᠷᠯᠠᠯ          ᠥᠪᠥᠷ ᠮᠣᠩᠭᠤᠯ ᠤᠨ ᠴᠠᠭᠳᠠᠭᠠᠨ ᠤ ᠮᠦᠽᠧᠶ ︵ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠳᠤ ᠳᠠᠩᠰᠠᠯᠠᠭᠤᠯᠤᠭᠰᠠᠨ ᠠᠵᠢᠯ ᠲᠥᠷᠥᠯ ᠤᠨ ᠮᠦᠽᠧᠶ︶ ᠶᠢᠨ ᠬᠠᠳᠠᠭᠠᠯᠠᠮᠵᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠠᠰᠠᠭ ᠲᠤ ᠲᠤᠰᠠᠯᠠᠵᠤ ᠴᠠᠭᠳᠠᠭ᠎ᠠ ᠶᠢ ᠬᠥᠮᠦᠵᠢᠭᠦᠯᠬᠦ᠂ ᠣᠯᠠᠨ ᠲᠦᠮᠡᠨ ᠳᠤ ᠦᠢᠯᠡᠴᠢᠯᠡᠬᠦ᠂ ᠴᠠᠭᠳᠠᠭ᠎ᠠ ᠠᠷᠠᠳ ᠤᠨ ᠬᠠᠷᠢᠴᠠᠭ᠎ᠠ ᠶᠢ ᠨᠢᠭᠲᠠᠷᠠᠭᠤᠯᠬᠤ ᠲᠠᠯ᠎ᠠ ᠪᠠᠷ ᠨᠠᠩ ᠶᠡᠭᠡ ᠦᠢᠯᠡᠳᠦᠯ ᠢᠶᠠᠨ ᠪᠠᠳᠠᠷᠠᠭᠤᠯᠬᠤ ᠶᠢᠨ ᠲᠤᠰᠠᠳᠠ᠂ ᠡᠳᠦᠭᠡ ᠪᠥᠬᠦ ᠨᠡᠶᠢᠭᠡᠮ ᠠᠴᠠ ᠬᠠᠮᠢᠶ᠎ᠠ ᠪᠥᠬᠦᠶ ᠲᠡᠤᠬᠡ ᠶᠢᠨ ᠳᠤᠷᠠᠰᠬᠠᠯᠲᠤ ᠵᠦᠢᠯᠡᠰ ᠪᠠ ᠲᠠᠩᠰᠠ ᠡᠪᠬᠡᠮᠡᠯ ᠰᠤᠷᠪᠤᠯᠵᠢ ᠪᠢᠴᠢᠭ ᠮᠠᠲ᠋ᠧᠷᠢᠶᠠᠯ ᠢ ᠴᠤᠭᠯᠠᠭᠤᠯᠤᠨ᠎ᠠ᠃      ᠨᠢᠭᠡ᠂ ᠡᠯᠰᠡᠬᠦ ᠬᠡᠪᠴᠢᠶ᠎ᠡ      ︵ᠨᠢᠭᠡ︶ ᠥᠪᠥᠷ ᠮᠣᠩᠭᠤᠯ ᠤᠨ ᠴᠠᠭᠳᠠᠭ᠎ᠠ ᠵᠢᠴᠢ ᠳᠣᠲᠣᠭᠠᠳᠤ ᠶᠢ ᠬᠠᠮᠠᠭᠠᠯᠠᠬᠤ ᠠᠵᠢᠯ ᠤᠨ ᠬᠥᠭᠵᠢᠯᠲᠡ ᠶᠢᠨ ᠲᠡᠤᠬᠡ ᠲᠠᠢ ᠬᠤᠯᠪᠣᠭᠳᠠᠬᠤ ᠡᠯ᠎ᠡ ᠲᠥᠷᠥᠯ ᠤᠨ ᠲᠡᠤᠬᠡ ᠶᠢᠨ ᠳᠤᠷᠠᠰᠬᠠᠯᠲᠤ ᠵᠦᠢᠯ ᠵᠢᠴᠢ ᠲᠡᠤᠬᠡ ᠶᠢᠨ ᠮᠠᠲ᠋ᠧᠷᠢᠶᠠᠯ︔      ︵ᠬᠤᠶᠠᠷ︶ ᠴᠢᠬᠤᠯᠠ ᠳᠤᠷᠠᠰᠬᠠᠬᠤ ᠠᠴᠢ ᠬᠤᠯᠪᠣᠭᠳᠠᠯ ᠲᠠᠢ᠂ ᠰᠤᠷᠭᠠᠨ ᠬᠥᠮᠦᠵᠢᠭᠦᠯᠬᠦ ᠠᠴᠢ ᠬᠤᠯᠪᠣᠭᠳᠠᠯ ᠲᠠᠢ ᠪᠤᠶᠤ ᠲᠡᠦᠬᠡᠨ ᠮᠠᠲ᠋ᠧᠷᠢᠶᠠᠯ ᠤᠨ ᠦᠨ᠎ᠡ ᠴᠡᠨ᠎ᠡ ᠲᠠᠢ ᠪᠣᠳᠠᠲᠤ ᠶᠠᠭᠤᠮ᠎ᠠ ᠬᠢᠭᠡᠳ ᠶᠠᠷᠢᠶᠠᠨ ᠤ ᠲᠡᠦᠬᠡᠨ ᠮᠠᠲ᠋ᠧᠷᠢᠶᠠᠯ︔      ︵ᠭᠤᠷᠪᠠ︶ ᠥᠪᠥᠷ ᠮᠣᠩᠭᠤᠯ ᠤᠨ ᠴᠠᠭᠳᠠᠭ᠎ᠠ ᠵᠢᠴᠢ ᠳᠣᠲᠣᠭᠠᠳᠤ ᠶᠢ ᠬᠠᠮᠠᠭᠠᠯᠠᠬᠤ ᠬᠥᠭᠵᠢᠯᠲᠡ ᠶᠢᠨ ᠲᠡᠤᠬᠡᠨ ᠳᠠᠬᠢ ᠣᠨᠴᠠ ᠲᠣᠭᠲᠠᠭᠰᠠᠨ ᠲᠡᠤᠬᠡᠨ ᠬᠥᠮᠦᠨ᠂ ᠲᠡᠤᠬᠡ ᠶᠢᠨ ᠬᠡᠷᠡᠭ ᠶᠠᠪᠤᠳᠠᠯ ᠯᠤᠭ᠎ᠠ ᠬᠤᠯᠪᠣᠭ᠎ᠠ ᠲᠠᠢ᠂ ᠣᠨᠴᠠᠭᠠᠢ ᠠᠴᠢ ᠬᠤᠯᠪᠣᠭᠳᠠᠯ ᠲᠠᠢ ᠲᠥᠯᠥᠭᠡᠯᠡᠬᠦ ᠴᠢᠨᠠᠷᠲᠠᠶ ᠡᠳ᠋ ᠪᠣᠳᠠᠰ︔ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠡᠤᠬᠡ ᠶᠢᠨ ᠤᠯᠠᠷᠢᠯ ᠬᠤᠪᠢᠰᠤᠯ ᠪᠠ ᠯᠤᠲᠤ ᠶᠡᠭᠡ ᠠᠮᠵᠢᠯᠲᠠ ᠪᠦᠲᠦᠮᠵᠢ ᠯᠦᠭᠡ ᠬᠤᠯᠪᠣᠭᠳᠠᠬᠤ ᠴᠢᠬᠤᠯᠠ ᠪᠣᠳᠠᠰ᠂ ᠬᠡᠷᠡᠯ ᠵᠢᠷᠤᠭ᠂ ᠰᠤᠷᠪᠤᠯᠵᠢ ᠪᠢᠴᠢᠭ ᠮᠠᠲ᠋ᠧᠷᠢᠶᠠᠯ᠂ ᠬᠡᠷᠡᠯ ᠵᠢᠷᠤᠭ ᠤᠨ ᠮᠠᠲ᠋ᠧᠷᠢᠶᠠᠯ ᠵᠡᠷᠭᠡ︔      ︵ᠲᠦᠷᠪᠡ︶ ᠶᠠᠫᠣᠨ ᠢ ᠡᠰᠡᠷᠭᠦᠴᠡᠬᠦ ᠲᠠᠶᠢᠨ ᠤ ᠦᠶ᠎ᠡ ᠳᠤ᠂ ᠥᠪᠥᠷ ᠮᠣᠩᠭᠤᠯ ᠤᠨ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠤᠨ ᠨᠡᠶᠢᠭᠡᠮ ᠤᠨ ᠬᠡᠯᠲᠡᠰ᠂ ᠠᠮᠤᠷ ᠢ ᠬᠠᠮᠠᠭᠠᠯᠠᠬᠤ ᠬᠡᠯᠲᠡᠰ᠂ ᠵᠠᠯᠢᠬᠠᠶ ᠶᠢ ᠠᠷᠢᠯᠭᠠᠬᠤ ᠬᠡᠯᠲᠡᠰ᠂ ᠠᠮᠤᠷ ᠢ ᠬᠠᠮᠠᠭᠠᠯᠠᠬᠤ ᠭᠠᠵᠠᠷ ᠤᠨ ᠵᠠᠯᠢᠬᠠᠶ ᠶᠢ ᠠᠷᠢᠯᠭᠠᠵᠤ ᠠᠮᠤᠷ ᠢ ᠬᠠᠮᠠᠭᠠᠯᠠᠬᠤ ᠠᠵᠢᠯ ᠢ ᠥᠷᠨᠢᠭᠦᠯᠦᠭᠰᠡᠨ ᠪᠢᠴᠢᠭ ᠮᠠᠲ᠋ᠧᠷᠢᠶᠠᠯ᠂ ᠵᠠᠷ᠂ ᠭᠡᠷᠡᠯ ᠵᠢᠷᠤᠭ ᠪᠠ ᠪᠤᠰᠤᠳ ᠮᠠᠲ᠋ᠧᠷᠢᠶᠠᠯ ᠵᠢᠴᠢ ᠬᠡᠷᠡᠭᠯᠡᠭᠰᠡᠨ ᠵᠡᠪᠰᠡᠭ ᠲᠣᠨᠣᠭᠯᠠᠯ᠂ ᠠᠮᠢᠳᠤᠷᠠᠯ ᠤᠨ ᠬᠡᠷᠡᠭᠰᠡᠯ ᠵᠡᠷᠭᠡ︔      ︵ᠲᠠᠪᠤ︶ ᠴᠢᠯᠥᠭᠡᠯᠡᠬᠦ ᠲᠠᠶᠢᠨ ᠤ ᠦᠶ᠎ᠡ ᠳᠤ᠂ ᠥᠪᠥᠷ ᠮᠣᠩᠭᠤᠯ ᠤᠨ ᠴᠢᠯᠥᠭᠡᠯᠡᠭᠳᠡᠭᠰᠡᠨ ᠣᠷᠣᠨ ᠳᠤ ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠢ ᠥᠷᠨᠢᠭᠦᠯᠵᠦ᠂ ᠳᠠᠶᠢᠰᠤᠨ ᠤ ᠲᠠᠩᠨᠠᠭᠤᠯ ᠤᠨ ᠡᠪᠳᠡᠬᠦ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠪᠢᠴᠢᠭ ᠮᠠᠲ᠋ᠧᠷᠢᠶᠠᠯ᠂ ᠵᠠᠷ᠂ ᠭᠡᠷᠡᠯ ᠵᠢᠷᠤᠭ ᠪᠠ ᠪᠤᠰᠤᠳ ᠮᠠᠲ᠋ᠧᠷᠢᠶᠠᠯ ᠵᠢᠴᠢ ᠬᠡᠷᠡᠭᠯᠡᠬᠦ ᠵᠡᠪᠰᠡᠭ ᠲᠣᠨᠣᠭᠯᠠᠯ᠂ ᠠᠮᠢᠳᠤᠷᠠᠯ ᠤᠨ ᠬᠡᠷᠡᠭᠰᠡᠯ ᠵᠡᠷᠭᠡ︔      ︵ᠵᠢᠷᠭᠤᠭ᠎ᠠ︶ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠯᠲᠠ ᠶᠢᠨ ᠴᠠᠭ ᠦᠶ᠎ᠡ ᠳᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠳᠤᠷᠠᠰᠬᠠᠯ ᠤᠨ ᠠᠴᠢ ᠬᠤᠯᠪᠣᠭᠳᠠᠯ ᠲᠠᠢ ᠬᠡᠷᠡᠯ ᠵᠢᠷᠤᠭ᠂ ᠪᠣᠳᠠᠰ᠂ ᠡᠯ᠎ᠡ ᠵᠦᠢᠯ ᠤᠨ ᠤᠯᠤᠰ ᠤᠨ ᠶᠡᠭᠡ ᠠᠵᠢᠯᠯᠠᠭ᠎ᠠ ᠳᠤ ᠣᠷᠣᠯᠴᠠᠭᠰᠠᠨ ᠠᠮᠤᠷ ᠢ ᠬᠠᠮᠠᠭᠠᠯᠠᠬᠤ ᠠᠵᠢᠯ ᠤᠨ ᠭᠡᠷᠡᠴᠢ ᠦᠨᠡᠮᠯᠡᠯ᠂ ᠪᠣᠳᠠᠰ ᠵᠡᠷᠭᠡ︔      ︵ᠳᠣᠯᠤᠭ᠎ᠠ︶ ᠥᠭᠡᠷᠡᠴᠢᠯᠡᠯᠲᠡ ᠨᠡᠭᠡᠭᠡᠯᠲᠡ  ᠬᠢᠭᠰᠡᠨ  ᠠᠴᠠ  ᠨᠠᠭᠠᠰᠢ  ᠵᠠᠮ  ᠬᠠᠷᠢᠯᠴᠠᠭ᠎ᠠ  ᠂  ᠭᠠᠯ ᠤᠨᠲᠠᠷᠠᠭᠠᠬᠤ᠂ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠯᠲᠠ᠂ ᠮᠡᠷᠭᠡᠵᠢᠯ ᠤᠨ ᠲᠤᠷᠰᠢᠨ ᠪᠠᠶᠢᠴᠠᠭᠠᠯᠲᠠ᠂ ᠴᠢᠮᠡᠭᠡ ᠨᠡᠪᠲᠡᠷᠡᠯᠭᠡ ᠵᠡᠷᠭᠡ ᠠᠵᠢᠯ ᠢ ᠲᠤᠰᠬᠠᠭᠰᠠᠨ ᠡᠯ᠎ᠡ ᠲᠥᠷᠥᠯ ᠤᠨ ᠴᠠᠭᠳᠠᠭᠠᠨ ᠤ ᠬᠡᠷᠡᠭᠯᠡᠭᠡᠨ ᠤ ᠲᠣᠨᠤᠭ ᠲᠥᠬᠦᠭᠡᠷᠦᠮᠵᠢ ︵ᠵᠢᠵᠢᠭ ᠡᠳ᠋ ᠪᠣᠳᠠᠰ᠂ ᠬᠡᠷᠡᠯ ᠵᠢᠷᠤᠭ᠂ ᠵᠠᠭᠪᠤᠷ︶︔      ︵ᠨᠠᠢᠮᠠ︶ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠴᠢᠬᠤᠯᠠ ᠣᠨᠴᠠ ᠶᠡᠭᠡ ᠬᠡᠷᠡᠭ ᠢ ᠳᠡᠩᠨᠡᠨ ᠢᠯᠡᠷᠡᠭᠦᠯᠵᠦ᠂ ᠠᠮᠤᠷ ᠲᠦᠪᠰᠢᠨ ᠤ ᠣᠨᠴᠠ ᠶᠡᠭᠡ ᠭᠠᠶ ᠭᠠᠮᠰᠢᠭ ᠤᠨ ᠠᠳᠡᠯ ᠢ ᠠᠪᠤᠷᠠᠭᠰᠠᠨ ᠬᠤᠯᠪᠣᠭᠳᠠᠯ ᠪᠥᠬᠦᠶ ᠮᠠᠲ᠋ᠧᠷᠢᠶᠠᠯ᠂ ᠬᠡᠷᠡᠯ ᠵᠢᠷᠤᠭ᠂ ᠪᠣᠳᠠᠰ ᠵᠡᠷᠭᠡ᠃      ︵ᠶᠢᠰᠦ︶ ᠥᠪᠥᠷ ᠮᠣᠩᠭᠤᠯ ᠤᠨ ᠴᠠᠭᠳᠠᠭᠠᠨ ᠤ ᠲᠠᠯ᠎ᠠ ᠶᠢᠨ ᠣᠯᠠᠨ ᠤᠯᠤᠰ ᠤᠨ ᠬᠤᠭᠤᠷᠣᠨᠳᠣᠬᠢ ᠴᠠᠭᠳᠠᠭᠠᠨ ᠤ ᠶᠠᠪᠤᠳᠠᠯ ᠤᠨ ᠰᠣᠯᠢᠯᠴᠠᠭᠠᠨ ᠤ ᠳᠤᠮᠳᠠᠬᠢ ᠪᠡᠯᠡᠭ ᠰᠡᠯᠲᠡ᠂ ᠳᠤᠷᠠᠰᠬᠠᠯ ᠤᠨ ᠡᠳ᠋᠂ ᠮᠠᠲ᠋ᠧᠷᠢᠶᠠᠯ᠃      ︵ᠠᠷᠪᠠ︶ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠯᠤᠭ᠎ᠠ ᠬᠤᠯᠪᠣᠭᠳᠠᠯ ᠲᠠᠢ ᠪᠤᠰᠤᠳ ᠡᠯ᠎ᠡ ᠲᠥᠷᠥᠯ ᠤᠨ ᠲᠡᠦᠬᠡ ᠶᠢᠨ ᠳᠤᠷᠠᠰᠬᠠᠯᠲᠤ ᠵᠦᠢᠯ᠃      ᠬᠤᠶᠠᠷ᠂ ᠡᠯᠰᠡᠬᠦ ᠲᠦᠷᠦᠯ ᠵᠦᠢᠯ      ᠬᠤᠪᠢ ᠬᠥᠮᠦᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠳᠠᠭᠠᠯᠠᠵᠤ ᠪᠠᠶᠢᠭ᠎ᠠ ᠰᠣᠨᠢᠨ ᠰᠡᠳᠬᠦᠯ᠂ ᠨᠣᠮ ᠪᠢᠴᠢᠭ᠂ ᠲᠤᠩᠬᠠᠭ ᠂ ᠵᠠᠷ᠂ ᠪᠢᠴᠢᠭ ᠮᠠᠲ᠋ᠧᠷᠢᠶᠠᠯ᠂ ᠪᠢᠴᠢᠮᠡᠯ ᠡᠬᠡ᠂ ᠪᠡᠭᠡ ᠶᠢᠨ ᠪᠢᠴᠢᠭᠡᠰᠦ᠂ ᠤᠬᠠᠭᠤᠯᠭ᠎ᠠ ᠶᠢᠨ ᠬᠠᠭᠤᠳᠠᠰᠤ᠂ ᠤᠷᠢᠶ᠎ᠠ ᠯᠣᠽᠦ᠋ᠩ᠂ ᠤᠬᠠᠭᠤᠯᠭ᠎ᠠ ᠶᠢᠨ ᠵᠢᠷᠤᠭ᠂ ᠭᠡᠷᠡᠴᠢ ᠲᠡᠮᠳᠡᠭ᠂ ᠪᠢᠴᠢᠭᠡᠰᠦ ᠦᠰᠦᠭ᠂ ᠡᠳᠦᠷ ᠤᠨ ᠲᠡᠮᠳᠡᠭᠯᠡᠯ᠂ ᠵᠠᠬᠢᠳᠠᠯ ᠴᠢᠮᠡᠭᠡ᠂ ᠭᠡᠷ᠎ᠡ ᠶᠢᠨ ᠭᠡᠷᠡᠴᠢ᠂ ᠲᠠᠮᠠᠭ᠎ᠠ᠂ ᠫᠢᠶᠣᠣ ᠪᠠᠷᠢᠮᠲᠠ᠂ ᠲᠠᠩᠰᠠ ᠬᠠᠷ᠎ᠠ᠂ ᠰᠦᠯᠳᠡ ᠲᠡᠮᠳᠡᠭ᠂ ᠭᠠᠵᠠᠷ ᠤᠨ ᠵᠢᠷᠤᠭ᠂ ᠡᠯ᠎ᠡ ᠵᠦᠢᠯ ᠤᠨ ᠵᠡᠷ ᠵᠡᠪᠰᠡᠭ᠂ ᠦᠷᠡᠭᠳᠡᠭᠰᠡᠨ ᠪᠠᠭᠠᠲᠤᠷᠴᠤᠳ ᠤᠨ ᠬᠦᠷᠦᠭ ᠪᠠ ᠦᠯᠡᠳᠡᠭᠳᠡᠯ᠂ ᠪᠠᠭᠠᠲᠤᠷ ᠵᠢᠱᠢᠶᠡᠴᠢ ᠬᠥᠮᠦᠰ ᠤᠨ ᠬᠦᠷᠦᠭ ᠪᠠ ᠡᠳ᠋ᠯᠡᠯ ᠬᠡᠷᠡᠭᠰᠡᠯ᠂ ᠡᠯ᠎ᠡ ᠵᠦᠢᠯ ᠤᠨ ᠲᠡᠦᠬᠡ ᠶᠢᠨ ᠭᠡᠷᠡᠯ ᠵᠢᠷᠤᠭ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ᠂ ᠤᠷᠠᠯᠢᠭ ᠤᠨ ᠪᠦᠲᠦᠭᠡᠯ ᠵᠡᠷᠭᠡ ᠶᠢ ᠪᠠᠭᠲᠠᠭᠠᠨ᠎ᠠ᠃      ᠭᠤᠷᠪᠠ᠂ ᠡᠯᠰᠡᠬᠦ ᠠᠷᠭ᠎ᠠ ᠮᠠᠶ᠋ᠢᠭ      ᠲᠣᠰ ᠤᠳᠠᠭᠠᠨ ᠤ ᠡᠯᠰᠡᠯᠲᠡ ᠳᠤ ᠬᠠᠨᠳᠢᠪ ᠬᠦᠷᠭᠡᠯᠲᠡ ᠶᠢ ᠭᠥᠯᠢᠶᠡᠨ ᠠᠪᠬᠤ ᠪᠠ ᠲᠥᠯᠥᠪᠦᠷᠢ ᠲᠠᠢ ᠪᠠᠷ ᠴᠤᠭᠯᠠᠭᠤᠯᠬᠤ ᠪᠠᠷ ᠭᠤᠤᠯ ᠪᠣᠯᠭᠠᠵᠤ᠂ ᠬᠠᠨᠳᠢᠪᠯᠠᠨ ᠬᠦᠷᠭᠡᠭᠴᠢ ᠶᠢ ᠳᠡᠯᠭᠡᠨ ᠦᠵᠡᠭᠦᠯᠬᠦ ᠳᠡᠭᠡᠨ ᠬᠠᠨᠳᠢᠪᠯᠠᠨ ᠬᠦᠷᠭᠡᠭᠴᠢ ᠶᠢᠨ ᠣᠪᠣᠭ ᠨᠡᠷ᠎ᠡ ᠪᠠ ᠬᠠᠨᠳᠢᠪᠯᠠᠨ ᠬᠦᠷᠭᠡᠭᠰᠡᠨ ᠴᠠᠭ ᠢ ᠲᠣᠳᠣᠷᠬᠠᠶᠢᠯᠠᠨ᠎ᠠ᠃ ᠪᠡᠯᠡᠭᠯᠡᠨ ᠬᠦᠷᠭᠡᠭᠰᠡᠨ ᠪᠠ ᠴᠤᠭᠯᠠᠭᠤᠯᠬᠤ ᠰᠠᠨᠠᠮᠵᠢ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠵᠡᠨ  ᠴᠠᠭᠳᠠᠭᠠᠨ ᠤ ᠮᠦᠽᠧᠶ ᠲᠠᠢ ᠬᠠᠷᠢᠯᠴᠠᠭᠠᠷᠠᠶ᠃      ︵ᠨᠢᠭᠡ︶ ᠲᠡᠤᠬᠡ ᠶᠢᠨ ᠳᠤᠷᠠᠰᠬᠠᠯᠲᠤ ᠵᠦᠢᠯ ᠢ ᠡᠯᠰᠡᠨ ᠴᠤᠭᠯᠠᠭᠤᠯᠬᠤ ᠠᠵᠢᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ  ᠵᠦᠢᠯ  ᠢ  ᠬᠠᠮᠠᠭᠠᠯᠠᠬᠤ  ᠬᠠᠤᠯᠢ︾᠂ ︽ᠮᠦᠽᠧᠶ ᠶᠢᠨ ᠲᠦᠷᠢᠮ︾ ᠵᠢᠴᠢ ᠬᠠᠮᠢᠶ᠎ᠠ ᠪᠥᠬᠦᠶ ᠬᠠᠤᠯᠢ ᠲᠣᠭᠲᠠᠭᠠᠯ ᠲᠦᠷᠢᠮ ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃      ︵ᠬᠤᠶᠠᠷ︶ ᠬᠤᠶᠠᠷ ᠲᠠᠯ᠎ᠠ ᠪᠠᠷ ᠢᠶᠠᠨ ᠡᠯᠰᠡᠨ ᠴᠤᠭᠯᠠᠭᠤᠯᠬᠤ ᠰᠠᠨᠠᠮᠵᠢ ᠪᠠᠨ ᠲᠣᠭᠲᠠᠭᠠᠬᠤ ᠠᠴᠠ ᠡᠮᠦᠨ᠎ᠡ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠡᠵᠡᠮᠰᠢᠭᠴᠢ ᠨᠢ ᠲᠣᠭᠲᠠᠭᠰᠠᠨ ᠰᠢᠤᠳᠠᠨ ᠤ ᠬᠠᠶᠢᠷᠴᠠᠭ ᠢᠶᠠᠷ ᠰᠢᠤᠳᠠᠨ ᠤ ᠵᠦᠢᠯ ᠢ ᠢᠯᠡᠭᠡᠬᠦ ᠠᠷᠭ᠎ᠠ ᠮᠠᠶ᠋ᠢᠭ ᠢᠶᠠᠷ ᠥᠪᠥᠷ ᠮᠣᠩᠭᠤᠯ ᠤᠨ ᠴᠠᠭᠳᠠᠭᠠᠨ ᠤ ᠮᠦᠽᠧᠶ ᠯᠦᠭᠡ ᠬᠠᠷᠢᠯᠴᠠᠵᠤ ᠪᠣᠯᠤᠨ᠎ᠠ᠂ ᠰᠢᠤᠳᠠᠨ ᠤ ᠵᠦᠢᠯ ᠳᠤ ᠡᠯᠰᠡᠨ ᠴᠤᠭᠯᠠᠭᠤᠯᠬᠤ ᠪᠠᠷ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯᠡᠰ ᠤᠨ ᠬᠡᠮ ᠬᠡᠮᠵᠢᠶ᠎ᠡ᠂ ᠶᠠᠰᠤ ᠴᠢᠨᠠᠷ᠂ ᠢᠷᠡᠯᠲᠡ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ ᠢ ᠲᠣᠳᠣᠷᠬᠠᠶᠢᠯᠠᠬᠤ ᠶᠢᠨ ᠬᠠᠮᠲᠤ  ᠳᠣᠲᠤᠷᠠᠴᠠ ᠪᠠᠷ ᠨᠡᠯᠢᠶᠡᠳ ᠥᠨᠳᠥᠷ ᠭᠡᠷᠡᠯ ᠵᠢᠷᠤᠭ ᠢ ᠬᠠᠩᠭᠠᠨ᠎ᠠ᠃      ︵ᠭᠤᠷᠪᠠ︶ ᠠᠩᠬᠠᠨ ᠤ ᠰᠣᠩᠭᠤᠯᠲᠠ ᠪᠠᠷ ᠳᠡᠮᠵᠢᠨ ᠴᠤᠭᠯᠠᠭᠤᠯᠬᠤ ᠪᠠᠷ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯ ᠢ ᠨᠤᠲᠠᠯᠠᠨ ᠲᠣᠭᠲᠠᠭᠠᠵᠤ᠂ ᠥᠪᠥᠷ ᠮᠣᠩᠭᠤᠯ ᠤᠨ ᠴᠠᠭᠳᠠᠭᠠᠨ ᠤ ᠮᠦᠽᠧᠶ ᠠᠴᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠯᠲᠠ ᠬᠢᠨ᠎ᠠ᠃ ᠲᠤᠬᠠᠶ ᠶᠢᠨ ᠦᠶ᠎ᠡ ᠳᠤ ᠡᠵᠡᠮᠰᠢᠭᠴᠢ ᠳᠤ ᠮᠡᠳᠡᠭᠳᠡᠨ ᠪᠣᠳᠠᠲᠤ ᠶᠠᠭᠤᠮ᠎ᠠ ᠭᠠᠷᠭᠠᠭᠤᠯᠵᠤ᠂ ᠲᠤᠰᠬᠠᠶ ᠮᠡᠷᠭᠡᠵᠢᠯᠲᠡᠨ ᠢᠶᠠᠷ ᠲᠤᠬᠠᠶ ᠶᠢᠨ ᠭᠠᠵᠠᠷ ᠲᠤ ᠨᠢ ᠰᠢᠯᠭᠠᠨ ᠲᠣᠭᠲᠠᠭᠠᠯᠭᠠᠭᠠᠳ ᠰᠠᠶ᠋ᠢ ᠪᠣᠳᠠᠲᠠᠶ ᠡᠯᠰᠡᠬᠦ ᠤᠴᠢᠷ ᠶᠠᠪᠤᠳᠠᠯ ᠢ ᠵᠥᠪᠳᠡᠯᠴᠡᠨ ᠲᠣᠭᠲᠠᠭᠠᠯᠭᠠᠨ᠎ᠠ᠃      ᠳᠥᠷᠪᠡ᠂ ᠬᠠᠷᠢᠯᠴᠠᠬᠤ ᠠᠷᠭ᠎ᠠ ᠬᠡᠯᠪᠡᠷᠢ ᠵᠢᠴᠢ ᠬᠠᠷᠢᠯᠴᠠᠬᠤ ᠬᠥᠮᠦᠨ      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠷᠢᠮ ᠵᠠᠮ ᠤᠨ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠢᠭᠡᠳᠦᠭᠡᠷ ᠠᠯᠪᠠᠯᠠᠬᠤ ᠲᠣᠭᠤᠷᠢᠭ᠃      ᠰᠢᠦᠳᠠᠨ ᠳ᠋ᠤᠭᠠᠷ᠄ 010050      ᠢᠮᠧᠯ᠄ zhangyunfei2696@163.com      ᠬᠠᠷᠢᠯᠴᠠᠬᠤ ᠤᠲᠠᠰᠤ᠄ 0471-6505351 18698461571      ᠬᠠᠷᠢᠯᠴᠠᠬᠤ ᠬᠥᠮᠦᠨ᠄ ᠵᠠᠩ ᠶᠦᠨ ᠹᠸᠢ                 ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ                       2021 ᠣᠨ ᠤ 9 ᠳ᠋ᠦ᠋ᠭᠡᠷ ᠰᠠᠷ᠎ᠠ ᠶᠢᠨ 2 ᠤᠨ ᠡᠳᠦᠷ
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ