ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠡᠭ ᠤᠨ ᠵᠢᠵᠢᠭᠦᠷᠯᠡᠭᠴᠢ ᠴᠠᠭᠳᠠᠭ᠎ᠠ ᠳᠤ ᠴᠠᠭᠳᠠᠭᠠᠨ ᠤ ᠣᠯᠠᠨ ᠴᠢᠳᠠᠮᠵᠢᠲᠤ ᠬᠤᠪᠴᠠᠰᠤ ᠶᠢ ᠨᠢᠭᠡᠳᠦᠯᠲᠡᠢ ᠲᠠᠷᠬᠠᠭᠠᠪᠠ
ᠨᠡᠶᠢᠲᠡᠯᠡᠭᠰᠡᠨ ᠴᠠᠭ᠄
2022/1/11
          ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ           ᠴᠡᠭ ᠤᠨ ᠵᠢᠵᠢᠭᠦᠷᠯᠡᠭᠴᠢ ᠴᠠᠭᠳᠠᠭ᠎ᠠ ᠳᠤ ᠴᠠᠭᠳᠠᠭᠠᠨ ᠤ ᠣᠯᠠᠨ ᠴᠢᠳᠠᠮᠵᠢᠲᠤ ᠬᠤᠪᠴᠠᠰᠤ ᠶᠢ ᠨᠢᠭᠡᠳᠦᠯᠲᠡᠢ ᠲᠠᠷᠬᠠᠭᠠᠪᠠ           ᠴᠠᠭᠳᠠᠭ᠎ᠠ ᠳᠤ ᠬᠠᠷᠠᠭᠠᠯᠵᠠᠯ ᠦᠵᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠭᠦᠢᠴᠡᠳᠬᠡᠬᠦ ᠶᠢᠨ ᠲᠥᠯᠥᠭᠡ᠂ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠮᠵᠢᠯᠭᠡ ᠲᠣᠣᠷ᠎ᠠ᠂ ᠲᠤᠰᠬᠠᠢ ᠵᠦᠢᠯ ᠤᠨ ᠵᠠᠷᠤᠳᠠᠯ 20 ᠲᠦᠮᠡ ᠭᠠᠷᠤᠢ ᠲᠥᠭᠦᠷᠢᠭ ᠢ ᠵᠠᠷᠤᠴᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠭ᠎ᠠ 200 ᠭᠠᠷᠤᠢ ᠴᠠᠭᠳᠠᠭ᠎ᠠ ᠳᠤ ᠴᠠᠭᠳᠠᠭᠠᠨ ᠤ ᠣᠯᠠᠨ ᠴᠢᠳᠠᠮᠵᠢᠲᠤ ᠬᠤᠪᠴᠠᠰᠤ ᠬᠢᠵᠦ ᠥᠭᠴᠡᠢ᠃ ᠨᠢᠳᠦᠨᠦᠨ ᠤ 12 ᠳ᠋ᠤᠭᠠᠷ ᠰᠠᠷ᠎ᠠ ᠶᠢᠨ 30 ᠤ ᠡᠳᠦᠷ᠂ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭᠠᠨ ᠤ ᠶᠡᠭᠡ ᠠᠩᠭᠢ ᠶᠢᠨ ᠠᠯᠪᠠᠨ ᠠᠰᠠᠷ ᠤᠨ ᠡᠮᠦᠨ᠎ᠡ ᠴᠠᠭᠳᠠᠭᠠᠨ ᠤ ᠣᠯᠠᠨ ᠴᠢᠳᠠᠮᠵᠢᠲᠤ ᠬᠤᠪᠴᠠᠰᠤ ᠶᠢ ᠲᠥᠪᠯᠡᠷᠡᠭᠦᠯᠦᠨ ᠲᠠᠷᠬᠠᠭᠠᠬᠤ ᠶᠣᠰᠣᠯᠠᠯ ᠶᠠᠪᠤᠭᠤᠯᠪᠠ᠃
20211231180635.jpg    
      ᠲᠣᠪᠴᠢᠶᠠᠨ ᠤ ᠳᠡᠳ᠋ ᠳᠠᠷᠤᠭ᠎ᠠ ᠵᠠᠩ ᠰᠢᠶᠣᠤ ᠰᠢᠶᠠ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠤᠷᠳᠤ ᠬᠤᠭᠤᠴᠠᠭ᠎ᠠ ᠪᠠᠷ ᠬᠠᠬᠢᠷ ᠬᠦᠢᠲᠡᠨ ᠳᠤ ᠳᠠᠰᠤᠷᠠᠯᠲᠠ ᠦᠭᠡᠢ ᠴᠠᠭᠳᠠᠨ ᠡᠵᠡᠮᠳᠡᠬᠦ ᠠᠵᠢᠯ ᠢ ᠬᠡᠷᠡᠭᠵᠢᠭᠦᠯᠵᠦ᠂ ᠡᠳᠦᠷ ᠰᠥᠨᠢ ᠦᠭᠡᠢ ᠬᠢᠵᠢᠭ ᠲᠠᠢ ᠲᠡᠮᠡᠴᠡᠬᠦ ᠪᠠ ᠠᠮᠤᠷ ᠲᠣᠭᠲᠠᠭᠤᠨ ᠢ ᠬᠠᠮᠠᠭᠠᠯᠠᠬᠤ ᠡᠮᠦᠨ᠎ᠡ ᠹᠷᠣᠨᠲ ᠲᠤ ᠪᠠᠶᠢᠯᠳᠤᠵᠤ ᠪᠠᠶᠢᠨ᠎ᠠ᠃ ᠲᠤᠰ ᠤᠳᠠᠭᠠᠨ ᠤ ᠬᠤᠪᠴᠠᠰᠤ ᠲᠠᠷᠬᠠᠭᠠᠬᠤ ᠶᠣᠰᠣᠯᠠᠯ ᠢᠶᠠᠷ ᠠᠵᠠ ᠲᠣᠬᠢᠶᠠᠯ ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠳᠤ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠲᠥᠯᠥᠭᠡ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠡᠶᠢᠭᠡᠮ ᠤᠨ ᠣᠷᠴᠢᠨ ᠲᠣᠭᠤᠷᠢᠨ ᠤ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃
 20211231180654.jpg   
      ᠲᠠᠷᠬᠠᠭᠠᠬᠤ ᠶᠣᠰᠣᠯᠠᠯ ᠤᠨ ᠠᠬᠤᠢ ᠲᠠᠯᠠᠪᠠᠢ ᠳᠤ᠂ ᠬᠡᠳᠦ᠋ᠢᠪᠡᠷ ᠶᠢᠰᠦᠨ ᠤ ᠬᠠᠬᠢᠷ ᠬᠦᠢᠲᠡᠨ ᠪᠠᠶᠢᠭᠰᠠᠨ ᠴᠤ᠂ ᠪᠦᠬᠦ ᠴᠠᠭᠳᠠᠭ᠎ᠠ ᠶᠢᠨ ᠰᠡᠳᠬᠢᠯ ᠳᠤ ᠬᠠᠷᠢᠨ ᠬᠠᠪᠤᠷ ᠮᠡᠲᠦ ᠬᠠᠯᠠᠭᠤᠨ ᠳᠤᠯᠠᠭᠠᠨ ᠪᠠᠶᠢᠯ᠎ᠠ᠃ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠢᠯᠡᠷᠬᠡᠶᠢᠯᠡᠭᠰᠡᠨ ᠨᠢ᠂ ᠲᠣᠪᠴᠢᠶᠠᠨ ᠤ ᠨᠠᠮ ᠤᠨ ᠬᠤᠷᠢᠶᠠᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠠᠯᠠᠮᠵᠢᠯᠠᠯ ᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠤᠯᠠᠮ ᠨᠢᠭᠡ ᠠᠯᠬᠤᠮ ᠡᠷᠡᠯᠬᠡᠭᠯᠡᠨ ᠤᠷᠤᠭᠰᠢᠯᠠᠵᠤ᠂ ᠦᠨᠡᠨ ᠬᠦ ᠴᠢᠩᠭ᠎ᠠ ᠪᠣᠳᠠᠲᠠᠢ ᠠᠵᠢᠯᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠨᠡᠩ ᠡᠷᠡᠰ ᠪᠠᠲᠤ ᠢᠲᠡᠭᠡᠯ ᠵᠣᠷᠢᠭ᠂ ᠨᠡᠩ ᠡᠷᠡᠰ ᠴᠢᠩᠭ᠎ᠠ ᠬᠦᠰᠡᠯ ᠵᠣᠷᠢᠭ᠂ ᠨᠡᠩ ᠴᠢᠩᠭ᠎ᠠ ᠱᠠᠭᠠᠷᠳᠠᠯᠭ᠎ᠠ ᠪᠠᠷ ︽ᠠᠮᠤᠭᠤᠯᠠᠩᠳᠤ ᠳᠠᠯᠠᠳ︾ ᠤᠨ  ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃ ︵ᠳᠠᠯᠠᠳ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠠᠴᠠ ᠮᠡᠳᠡᠭᠡᠯᠡᠪᠡ︶ 
ᠢᠷᠡᠯᠲᠡ᠄ ᠣᠷᠳᠤᠰ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ