ᠮᠠᠨᠵᠤᠤᠷ ᠲᠤ ᠳᠤᠰᠠᠯᠠᠬᠤ ᠪᠠᠷ ᠮᠤᠷᠳᠠᠭᠰᠠᠨ ᠠᠷᠠᠳ ᠤᠨ ᠴᠠᠭᠳᠠᠭ᠎ᠠ ᠤᠬᠠᠭᠠᠨᠴᠢ | | ︽ᠬᠢᠵᠢᠭ ᠤᠨ ᠪᠠᠶᠢᠳᠠᠯ ᠤᠨ ᠡᠮᠦᠨ᠎ᠡ᠂ ᠠᠷᠠᠳ ᠤᠨ ᠴᠠᠭᠳᠠᠭ᠎ᠠ ᠤᠷᠤᠭᠰᠢ ᠪᠠᠨ︕︾ ᠭᠡᠳᠡᠭ ᠨᠢ ᠳᠥᠭᠦᠮᠬᠡᠨ ᠤᠷᠢᠶ᠎ᠠ ᠲᠠᠳᠦᠢ ᠯᠡ ᠪᠢᠰᠢ᠂ ᠬᠠᠷᠢᠨ | ᠨᠢᠭᠡᠨ ᠬᠤᠪᠢ ᠰᠢᠢᠳᠪᠦᠷᠢ ᠵᠣᠷᠢᠭ᠂ ᠨᠢᠭᠡ ᠵᠦᠢᠯ ᠤᠨ ᠠᠵᠢᠯᠯᠠᠭ᠎ᠠ ᠮᠥᠨ︕ ᠮᠠᠨᠵᠤᠤᠷ ᠤᠨ ᠬᠢᠵᠢᠭ ᠤᠨ ᠪᠠᠶᠢᠳᠠᠯ ᠡᠬᠦᠰᠦᠮᠡᠭᠴᠡ᠂ ᠰᠢᠯᠢ ᠶᠢᠨ ᠭᠤᠤᠯ | ᠠᠶᠢᠮᠠᠭ ᠤᠨ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ 25 ᠠᠷᠠᠳ ᠤᠨ ᠴᠠᠭᠳᠠᠭ᠎ᠠ ᠪᠠᠷ ᠪᠦᠷᠢᠯᠳᠦᠭᠰᠡᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠭᠠᠪᠰᠢᠭᠠᠢ ᠠᠩᠬᠢ ᠶᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ 1200 ᠰᠢᠬᠠᠮ ᠺᠢᠯᠦᠮᠧᠲᠷ ᠢ ᠰᠠᠯᠬᠢ ᠰᠢᠭᠤᠷᠭᠠᠨ ᠤ ᠳᠤᠮᠳᠠᠭᠤᠷ | ᠡᠳᠦᠷ ᠰᠥᠨᠢ ᠶᠢᠨ ᠡᠭᠡᠯᠵᠢᠭᠡᠨ ᠢᠶᠠᠷ ᠠᠶᠠᠯᠠᠵᠤ᠂ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠬᠦ ᠪᠠᠷ ᠬᠦᠷᠦᠭᠰᠡᠨ ᠶᠤᠮ᠃ | ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠴᠠᠭᠳᠠᠭ᠎ᠠ ᠶᠢᠨ ᠶᠡᠭᠡ ᠠᠩᠬᠢ ᠶᠢᠨ ᠳᠡᠳ᠋ ᠳᠠᠷᠤᠭ᠎ᠠ ᠤᠬᠠᠭᠠᠨᠴᠢ ᠪᠣᠯ | ᠶᠠᠭ ᠡᠨᠡ ᠬᠦ ᠭᠠᠪᠰᠢᠭᠠᠢ ᠠᠩᠬᠢ ᠶᠢᠨ ᠨᠢᠭᠡᠨ ᠭᠡᠰᠢᠭᠦᠨ ᠪᠣᠯᠤᠨ᠎ᠠ᠃ ᠨᠢᠳᠦᠨᠦᠨ ᠤ 12 ᠳ᠋ᠤᠭᠠᠷ ᠰᠠᠷ᠎ᠠ ᠶᠢᠨ 2 ᠤᠨ ᠡᠳᠦᠷ᠂ ᠰᠢᠯᠢ ᠶᠢᠨ ᠭᠤᠣᠯ ᠠᠶᠢᠮᠠᠭ ᠤᠨ | ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠪᠠᠴᠢᠮ ᠵᠠᠷᠯᠢᠭ ᠢ ᠳᠤᠰᠤᠭᠰᠠᠨ ᠤ ᠳᠠᠷᠠᠭ᠎ᠠ᠂ ᠲᠡᠷᠡ ᠰᠠᠨᠠᠭᠠᠴᠢᠯᠠᠭ᠎ᠠ ᠠᠴᠠ ᠪᠠᠨ ᠮᠠᠨᠵᠤᠤᠷ ᠲᠤ ᠮᠣᠷᠳᠠᠬᠤ ᠪᠠᠷ | ᠭᠤᠶᠤᠴᠢᠯᠠᠭᠰᠠᠨ ᠪᠠᠶᠢᠵᠠᠢ᠃ | | | | ᠦᠵᠡᠰᠬᠦᠯᠡᠩᠲᠦ ᠰᠠᠶᠢᠬᠠᠨ ᠬᠢᠯᠢ ᠬᠢᠵᠠᠭᠠᠷ ᠤᠨ ᠮᠠᠨᠵᠤᠤᠷ ᠬᠤᠳᠠ ᠨᠢ ᠲᠡᠭᠦᠨ ᠲᠠᠢ ᠶᠡᠷᠦ ᠪᠤᠰᠤ ᠶᠢᠨ ᠬᠤᠪᠢ ᠪᠠᠷᠢᠯᠳᠤᠯᠭ᠎ᠠ ᠲᠠᠢ ᠪᠠᠶᠢᠳᠠᠭ᠃ ᠤᠴᠢᠷ ᠨᠢ | ᠲᠡᠷᠡ ᠠᠳᠡ ᠴᠡᠷᠢᠭ ᠤᠨ ᠠᠯᠪᠠ ᠬᠠᠭᠠᠵᠦ᠂ ᠭᠠᠯ ᠵᠠᠯᠠᠭᠤ ᠨᠠᠰᠤᠨ ᠤ ᠴᠤᠭ ᠵᠤᠯᠪᠤᠭ᠎ᠠ ᠪᠠᠨ ᠪᠠᠳᠠᠷᠠᠭᠤᠯᠤᠨ᠂ ᠡᠬᠡ ᠤᠯᠤᠰ ᠲᠤ ᠪᠠᠨ ᠬᠦᠴᠦᠨ ᠵᠢᠳᠭᠦᠯ ᠢᠶᠠᠨ | ᠡᠷᠬᠦᠬᠦ ᠤᠮᠤᠭ ᠵᠤᠷᠢᠭ ᠨᠢ ᠬᠦᠪᠴᠢᠯᠡᠭᠳᠡᠵᠦ ᠪᠠᠶᠢᠭᠰᠠᠨ ᠰᠠᠶᠢᠬᠠᠨ ᠳᠤᠷᠠᠰᠤᠮᠵᠢ ᠲᠠᠢ ᠶᠤᠮ᠃ ᠬᠠᠷᠢᠨ ᠭᠡᠨᠡᠳᠲᠡ ᠶᠢᠨ ᠠᠶᠤᠯᠲᠦ ᠬᠢᠵᠢᠭ ᠮᠠᠨᠵᠤᠤᠷ ᠢ ᠨᠦᠷᠢᠨ | ᠪᠠᠭᠤᠬᠤ ᠳᠤ ᠤᠬᠠᠭᠠᠨᠴᠢ ᠦᠪᠡᠷ ᠤᠨ ᠡᠷᠭᠡ ᠦᠬᠡᠢ ᠰᠢᠨᠠᠯᠤᠭᠰᠠᠨ ᠪᠠᠶᠢᠯ᠎ᠠ᠃ | ︽ᠮᠠᠨᠵᠤᠤᠷ ᠪᠣᠯ ᠮᠢᠨᠦ ᠬᠤᠶᠠᠳᠡᠬᠢ ᠦᠯᠦᠭᠡᠢ ᠨᠤᠲᠤᠭ ᠭᠡᠵᠦ ᠬᠡᠯᠡᠵᠦ ᠪᠣᠯᠤᠨ᠎ᠠ᠂ ᠬᠥᠮᠦᠨ ᠤ ᠠᠮᠢᠳᠤᠷᠠᠯ ᠤᠨ ᠬᠠᠮᠤᠭ ᠤᠨ ᠰᠠᠶᠢᠨ ᠰᠠᠶᠢᠬᠠᠨ ᠴᠠᠭ | ᠮᠥᠴᠡ ᠶᠢ ᠪᠦᠷ ᠠᠳᠡ ᠦᠩᠬᠡᠷᠡᠭᠦᠯᠦᠯᠡ᠂ ᠪᠢ ᠬᠠᠷᠠᠬᠠᠨ ᠪᠠᠭ᠎ᠠ ᠠᠴᠠ ᠪᠠᠨ ᠴᠠᠭᠳᠠᠭ᠎ᠠ ᠪᠣᠯᠬᠤ ᠬᠦᠰᠡᠯ ᠲᠠᠢ ᠪᠠᠶᠢᠭᠰᠠᠨ᠂ ᠡᠳᠦᠭᠡ ᠬᠢᠵᠢᠭ ᠢ ᠡᠰᠡᠷᠭᠦᠴᠡᠬᠦ | ᠨᠢᠭᠡᠳᠦᠭᠡᠷ ᠹᠷᠣᠨᠲ ᠲᠤ ᠭᠠᠪᠰᠢᠭᠠᠶᠢᠯᠠᠬᠤ ᠳᠤ ᠪᠠᠨ ᠪᠢ ᠠᠷᠠᠳ ᠤᠨ ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ | ᠪᠤᠯᠤᠯ᠎ᠠ᠂ ᠪᠢᠳᠡ 2 ᠰᠥᠨᠢ 2 ᠡᠳᠦᠷ ᠠᠶᠠᠯᠠᠨ ᠪᠠᠶᠢᠵᠦ᠂ 12 ᠳ᠋ᠤᠭᠠᠷ ᠰᠠᠷ᠎ᠠ ᠶᠢᠨ 4 ᠤ ᠡᠳᠦᠷ ᠮᠠᠨᠵᠤᠤᠷ ᠲᠤ ᠢᠷᠡᠭᠰᠡᠨ᠂ ᠶᠠᠭᠤᠮ᠎ᠠ ᠬᠡᠤᠮ᠎ᠡ ᠪᠠᠨ ᠴᠤ | ᠲᠠᠯᠪᠢᠵᠤ ᠠᠮᠵᠢᠭ᠎ᠠ ᠦᠭᠡᠶ ᠪᠠᠷ ᠤᠳᠤᠷᠢᠳᠤᠯᠭ᠎ᠠ ᠠᠴᠠ ᠥᠪᠡᠷᠲᠡᠭᠡᠨ ᠵᠠᠰᠠᠬᠤ ᠣᠷᠣᠨ ᠤ ᠪᠠᠴᠢᠮ ᠲᠧᠯᠸᠢᠰ ᠬᠤᠷᠠᠯ ᠤᠨ ᠬᠢᠵᠢᠭ ᠤᠨ ᠪᠠᠶᠢᠳᠠᠯ ᠤᠨ ᠲᠣᠪᠴᠢ | ᠪᠠᠶᠢᠳᠠᠯ ᠢ ᠤᠯᠠᠮᠵᠢᠯᠠᠨ ᠮᠡᠳᠡᠭᠳᠡᠵᠦ᠂ ᠪᠣᠳᠠᠲᠠᠶ ᠡᠭᠦᠷᠭᠡ ᠶᠢᠨ ᠲᠤᠬᠠᠶ ᠵᠠᠷᠯᠢᠭ ᠪᠠᠭᠤᠯᠭᠠᠭᠰᠠᠨ ᠠᠴᠠ ᠪᠢᠳᠡ ᠠᠯᠢ ᠲᠦᠷᠭᠡᠨ ᠢᠶᠠᠷ ᠠᠵᠢᠯ ᠤᠨ ᠪᠠᠶᠢᠳᠠᠯ ᠳᠤ ᠪᠠᠨ | ᠣᠷᠣᠵᠠᠶ︾ ᠬᠡᠵᠦ ᠤᠬᠠᠭᠠᠨᠴᠢ ᠠᠩᠬᠠᠨ ᠤ ᠪᠠᠶᠢᠳᠠᠯ ᠢᠶᠠᠨ ᠲᠠᠨᠢᠯᠴᠠᠭᠤᠯᠤᠨ᠎ᠠ᠃ ᠲᠡᠭᠦᠨ ᠤ ᠦᠭᠡ ᠶᠠᠷᠢᠶ᠎ᠠ ᠨᠢ ᠦᠨᠡᠨᠴᠢ ᠪᠣᠷᠣᠭᠵᠢᠭᠤᠨ ᠪᠠᠶᠢᠳᠠᠯ᠎ᠠ ᠪᠠᠨ ᠨᠢᠭᠡᠨ | ᠠᠷᠠᠳ ᠤᠨ ᠴᠠᠭᠳᠠᠭ᠎ᠠ ᠶᠢᠨ ᠲᠤᠬᠠᠶᠢᠯᠠᠭᠰᠠᠨ ᠠᠵᠢᠯ ᠳᠤ ᠪᠠᠨ ᠭᠡᠰᠡᠨ ᠬᠠᠷᠢᠭᠤᠴᠠᠯᠭᠠᠳᠦ ᠰᠡᠳᠬᠢᠯᠭᠡ ᠲᠤᠳᠤᠷᠠᠭᠤᠨ ᠪᠠᠶᠢᠯ᠎ᠠ᠃ | | | | ᠠᠮᠠᠪᠴᠢ᠂ ᠬᠠᠮᠠᠭᠠᠯᠠᠯᠲᠠ ᠶᠢᠨ ᠬᠤᠪᠴᠠᠰᠤ᠂ ᠪᠡᠭᠡᠯᠡᠢ᠂ ᠨᠢᠳᠦ ᠬᠠᠮᠠᠭᠠᠯᠠᠬᠤ ᠰᠢᠯ᠂ ᠠᠷᠢᠭᠤᠳᠬᠠᠬᠤ ᠤᠰᠤ ᠁ ᠰᠠᠭᠤᠭᠠᠯᠢ ᠠᠷᠠᠳ ᠤᠨ | ᠲᠣᠭᠤᠷᠢᠭ ᠲᠤ ᠣᠷᠣᠬᠤ᠂ ᠤᠲᠠᠰᠤᠳᠠᠬᠤ᠂ ᠵᠢᠭᠰᠠᠭᠠᠨ ᠪᠠᠶᠢᠴᠠᠭᠠᠬᠤ ᠁ ᠤᠢᠢᠷ᠎ᠠ ᠶᠢᠨ ᠬᠠᠭᠠᠰ ᠰᠠᠷ᠎ᠠ ᠭᠠᠷᠤᠢ ᠶᠢᠨ ᠲᠤᠷᠰᠢ᠂ ᠡᠳᠡᠭᠡᠷ ᠨᠢ ᠪᠦᠷ ᠲᠡᠭᠦᠨ ᠤ | ᠠᠵᠢᠯ ᠤᠨ ᠵᠤᠷᠰᠢᠯ ᠪᠤᠯᠤᠭᠰᠠᠨ ᠪᠠᠶᠢᠯ᠎ᠠ᠃ ᠡᠪᠦᠯ ᠤᠨ ᠬᠦᠢᠲᠡᠨ᠂ ᠠᠵᠢᠯ ᠤᠨ ᠬᠦᠨᠳᠦ ᠶᠢᠨ ᠲᠡᠭᠡᠷ᠎ᠡ ᠡᠮᠦᠰᠴᠦ ᠵᠡᠭᠦᠬᠦ ᠳᠤ ᠳᠥᠭᠦᠮ ᠦᠭᠡᠢ᠂ ᠵᠠᠷᠢᠮ ᠳᠤ ᠪᠠᠨ | ᠬᠤᠭᠤᠯᠠ ᠪᠤᠳᠠᠭ᠎ᠠ ᠴᠤ ᠴᠠᠭ ᠲᠤ ᠪᠠᠨ ᠢᠳᠡᠵᠦ ᠳᠡᠶᠢᠯᠬᠦ ᠦᠭᠡᠢ᠂ ᠵᠠᠷᠢᠮ ᠳᠤ ᠪᠠᠨ ᠦᠷᠭᠦᠯᠵᠢᠯᠡᠨ 12 ᠴᠠᠭ ᠠᠴᠠ ᠳᠡᠭᠡᠭᠰᠢ ᠵᠢᠵᠢᠬᠦᠷᠯᠡᠳᠡᠭ᠂ ᠡᠳᠡᠬᠡᠷ ᠬᠦᠴᠢᠷ | ᠤᠨ ᠡᠮᠦᠨ᠎ᠡ ᠤᠬᠠᠭᠠᠨᠴᠢ᠄ ︽ᠬᠢᠵᠢᠭ ᠤᠨ ᠤᠨᠴᠠᠭᠠᠢ ᠴᠠᠭ ᠮᠦᠴᠡ ᠳᠤ ᠨᠠᠳᠠ ᠠᠴᠠ ᠢᠯᠡᠭᠦᠦ ᠵᠦᠳᠡᠷᠡᠯᠲᠡᠢ ᠬᠦᠮᠦᠰ ᠤᠯᠠᠨ ᠯᠡ ᠪᠠᠶᠢᠨ᠎ᠠ᠂ ᠪᠢ ᠨᠢᠬᠡᠨ | ᠠᠷᠠᠳ ᠤᠨ ᠴᠠᠭᠳᠠᠭ᠎ᠠ ᠨᠡᠩ ᠴᠤ ᠨᠢᠭᠡᠨ ᠨᠠᠮ ᠤᠨ ᠭᠡᠰᠢᠭᠦᠨ ᠪᠤᠯᠤᠭᠰᠠᠨ ᠤ ᠬᠤᠪᠢ ᠳᠤ᠂ ᠠᠯᠢᠪᠠ ᠬᠦᠴᠢᠷᠳᠡᠯ ᠢ ᠵᠤᠷᠢᠭᠲᠠᠢ ᠢᠯᠠᠨ ᠳᠠᠪᠠᠪᠠᠯ ᠲᠠᠭᠠᠷᠠᠨ᠎ᠠ᠂ | ᠬᠢᠵᠢᠭ ᠢ ᠢᠯᠡᠨ ᠳᠠᠪᠠᠵᠦ ᠴᠢᠳᠠᠳᠠᠭ ᠯᠡ ᠶᠤᠮ ᠪᠣᠯ ᠠᠯᠢᠪᠠ ᠵᠦᠳᠡᠷᠡᠯ ᠨᠢ ᠪᠦᠷ ᠦᠨ᠎ᠡ ᠴᠠᠨ᠎ᠠ ᠲᠠᠢ᠂ ᠤᠳᠬ᠎ᠠ ᠠᠭᠤᠯᠭ᠎ᠠ ᠲᠠᠢ ᠪᠤᠯᠬᠤ ᠨᠢ ᠭᠠᠷᠴᠠᠭ᠎ᠠ ᠦᠬᠡᠢ︾ | ᠭᠡᠵᠦ ᠢᠨᠢᠶᠠᠮᠰᠦᠭᠯᠡᠯ ᠲᠤᠳᠤᠷᠠᠭᠤᠯᠤᠨ ᠶᠠᠷᠢᠵᠦ ᠪᠠᠶᠢᠯ᠎ᠠ᠃ | ᠵᠢᠵᠢᠭᠦᠷᠯᠡᠬᠦ ᠬᠤᠭᠤᠴᠠᠭᠠᠨ ᠳᠤ ᠲᠡᠷᠡ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠪᠠᠷ ᠪᠠᠷᠠᠬᠤ ᠦᠭᠡᠢ᠂ ᠵᠢᠵᠢᠭᠦᠷᠯᠡᠬᠦ ᠴᠠᠭ ᠤᠨ ᠤᠷᠳᠤ᠂ | ᠶᠢᠰᠦᠨ ᠤ ᠬᠦᠢᠲᠡᠨ ᠢ ᠳᠡᠰᠪᠦᠷᠢᠯᠡᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠬᠦᠯᠵᠦ ᠪᠠᠶᠢᠯ᠎ᠠ᠃ | ᠰᠢᠯᠵᠢᠬᠦᠯᠦᠨ ᠳᠤᠬᠢᠷᠠᠭᠤᠯᠬᠤ ᠴᠤ ᠪᠤᠯᠤᠭ᠂ ᠰᠠᠭᠤᠭᠠᠯᠢ ᠠᠷᠠᠳ ᠤᠨ ᠲᠣᠭᠤᠷᠢᠭ ᠢ ᠪᠢᠲᠡᠭᠦᠮᠵᠢᠯᠡᠨ ᠡᠵᠡᠮᠳᠡᠬᠦ ᠴᠦ ᠲᠡᠷᠡ᠂ ᠠᠷᠤ ᠲᠠᠯ᠎ᠠ ᠶᠢᠨ ᠦᠢᠯᠡᠴᠢᠯᠡᠭᠡᠨ ᠤ | ᠪᠠᠲᠤᠯᠠᠭ᠎ᠠ ᠳᠤ ᠣᠷᠣᠯᠴᠠᠭᠰᠠᠨ ᠴᠤ ᠲᠡᠷᠡ᠂ ᠲᠡᠷᠡ ᠴᠥᠮ ᠠᠯᠢᠪᠠ ᠠᠵᠢᠯ ᠤᠨ ᠡᠭᠦᠷᠭᠡ ᠪᠠᠨ ᠨᠠᠷᠢᠨ ᠬᠢᠨᠠᠮᠠᠭᠠᠢ ᠰᠠᠶᠢᠲᠤᠷ ᠪᠡᠶᠡᠯᠡᠭᠦᠯᠵᠦ᠂ ᠥᠴᠦᠬᠡᠨ ᠴᠦ | ᠣᠰᠣᠯᠳᠠᠬᠤ ᠦᠭᠡᠢ ᠪᠠᠶᠢᠬᠤ ᠶᠢ ᠬᠢᠴᠢᠶᠡᠨ ᠠᠵᠢᠯᠯᠠᠵᠦ ᠪᠠᠶᠢᠯ᠎ᠠ᠃ | ᠴᠡᠷᠢᠭ ᠤᠨ ᠬᠤᠪᠴᠠᠰᠤ ᠪᠠᠨ ᠲᠠᠶᠢᠯᠤᠮᠠᠭᠴᠠ᠂ ᠴᠠᠭᠳᠠᠭᠠᠨ ᠤ ᠬᠤᠪᠴᠠᠰᠤ ᠡᠮᠦᠰᠦᠯ᠎ᠡ᠃ ᠮᠠᠨᠵᠤᠤᠷ ᠠᠴᠠ ᠴᠡᠷᠢᠭ ᠠᠴᠠ ᠪᠠᠨ ᠬᠠᠯᠠᠭᠳᠠᠭᠠᠳ ᠪᠤᠴᠠᠵᠦ | ᠢᠷᠡᠭᠰᠡᠨ ᠤᠬᠠᠭᠠᠨᠴᠢ 2011 ᠣᠨ ᠳᠤ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠳᠤ ᠠᠵᠢᠯ ᠤᠨ ᠭᠠᠷᠤᠭ᠎ᠠ ᠪᠠᠨ ᠠᠪᠤᠭᠰᠠᠨ ᠠᠴᠠ | ᠨᠠᠭᠠᠰᠢ᠂ ᠯᠠᠪᠳᠠᠭᠤᠨ ᠪᠠᠲᠤᠲᠠᠢ ᠠᠵᠢᠯᠯᠠᠵᠤ᠂ ᠤᠯᠠᠨ ᠤᠳᠠᠭ᠎ᠠ ᠲᠡᠷᠢᠭᠦᠨ ᠤ ᠬᠤᠪᠢ ᠬᠥᠮᠦᠨ᠂ ᠰᠢᠯᠢᠳᠡᠭ ᠠᠵᠢᠯᠳᠠᠨ ᠢᠶᠠᠷ ᠰᠤᠩᠭᠤᠭᠳᠠᠵᠦ ᠥᠩᠭᠡᠷᠡᠵᠡᠢ᠃ | 2017 ᠣᠨ ᠳᠤ᠂ ᠲᠡᠭᠦᠨ ᠢ ᠪᠠᠰᠠ ᠬᠤᠤᠷᠲᠤ ᠡᠳ᠋ ᠤᠨ ᠶᠠᠯᠠᠲᠤ ᠡᠲᠡᠭᠡᠳ ᠢ ᠪᠠᠷᠢᠪᠴᠢᠯᠠᠬᠤ ᠴᠠᠭᠳᠠᠭ᠎ᠠ ᠶᠢᠨ ᠠᠵᠢᠯ ᠤᠨ ᠪᠠᠶᠢᠷᠢ ᠳᠤ ᠲᠣᠬᠢᠷᠠᠭᠤᠯᠵᠤ᠂ ᠣᠲᠣ | ᠪᠣᠯᠲᠠᠯ᠎ᠠ ᠨᠢᠭᠡᠨᠲᠡ ᠶᠡᠭᠡ ᠪᠠᠭ᠎ᠠ ᠬᠤᠤᠷᠲᠤ ᠡᠳ᠋ ᠤᠨ ᠬᠡᠷᠡᠭ ᠢ ᠮᠠᠰᠢ ᠣᠯᠠᠨ ᠳᠡᠩᠨᠡᠨ ᠢᠯᠡᠷᠡᠭᠦᠯᠵᠦ᠂ ᠮᠦᠷᠳᠡᠨ ᠪᠠᠶᠢᠴᠠᠭᠠᠯᠳᠠ ᠶᠢᠨ ᠤᠯᠠ ᠮᠦᠷ ᠨᠢ ᠥᠪᠥᠷ | ᠮᠣᠩᠭᠤᠯ ᠴᠢᠨᠠᠭᠰᠢᠯᠠᠪᠠᠯ ᠪᠥᠬᠦ ᠤᠯᠤᠰ ᠤᠨ ᠡᠯ᠎ᠡ ᠭᠠᠵᠠᠷ ᠲᠤ ᠲᠦᠭᠡᠵᠦ᠂ ᠢᠯᠡᠳᠲᠡ ᠠᠮᠵᠢᠯᠲᠠ ᠪᠦᠲᠦᠮᠵᠢ ᠣᠯᠤᠭᠰᠠᠨ ᠪᠠᠶᠢᠨ᠎ᠠ᠃ | ᠤᠬᠠᠭᠠᠨᠴᠢ᠄ ︽ᠬᠡᠳᠦ᠋ᠢᠪᠡᠷ ᠠᠵᠢᠯ ᠶᠠᠭᠠᠷᠠᠤ᠂ ᠵᠦᠳᠡᠷᠡᠯᠲᠡᠢ ᠪᠣᠯᠪᠠᠴᠤ ᠨᠤᠲᠤᠭ ᠤᠨ ᠠᠷᠠᠳ᠂ ᠭᠡᠷ ᠤᠨ ᠬᠥᠮᠦᠰ ᠪᠤᠯᠤᠨ ᠰᠠᠳᠤᠨ ᠲᠥᠷᠥᠯ ᠨᠠᠶᠢᠵᠠ | ᠨᠦᠬᠦᠳ ᠤᠨ ᠮᠢᠨᠢ ᠬᠠᠯᠠᠮᠵᠢ ᠰᠠᠨᠠᠭᠠᠯᠵᠠᠯ ᠪᠠᠶᠢᠭᠰᠠᠨ ᠴᠠᠭ ᠲᠤ ᠰᠡᠳᠬᠢᠯ ᠳᠤ ᠮᠠᠰᠢ ᠳᠤᠯᠠᠭᠠᠬᠠᠨ ᠪᠠᠶᠢᠳᠠᠭ᠂ ᠠᠬ᠎ᠠ ᠳᠡᠭᠦᠦ ᠠᠶᠢᠮᠠᠭ ᠬᠤᠳᠠ ᠶᠢᠨ ᠲᠠᠶᠢᠴᠢᠨ | ᠨᠥᠬᠦᠳ ᠨᠠᠷ ᠠᠵᠢᠯ ᠤᠨ ᠲᠠᠯ᠎ᠠ ᠪᠠᠷ ᠬᠠᠷᠢᠯᠴᠠᠨ ᠬᠠᠪᠰᠤᠷᠤᠯᠴᠠᠵᠤ᠂ ᠠᠮᠢᠳᠤᠷᠠᠯ ᠤᠨ ᠲᠠᠯ᠎ᠠ ᠪᠠᠷ ᠬᠠᠷᠢᠯᠴᠠᠨ ᠵᠤᠷᠢᠭᠵᠢᠭᠤᠯᠵᠦ ᠪᠠᠶᠢᠭ᠎ᠠ ᠲᠤᠯᠠ ᠡᠳᠦᠷᠵᠢᠨ ᠮᠠᠰᠢ | ᠤᠳᠬ᠎ᠠ ᠠᠭᠤᠯᠭ᠎ᠠ ᠲᠠᠢ᠃ ᠮᠠᠨᠵᠤᠤᠷ ᠤᠳᠠᠯ ᠦᠭᠡᠶ ᠠᠶᠦᠯᠲᠦ ᠬᠢᠵᠢᠭ ᠢ ᠦᠯᠳᠡᠨ ᠶᠠᠪᠤᠭᠤᠯᠵᠦ ᠴᠢᠳᠠᠨ᠎ᠠ ᠭᠡᠳᠡᠭ ᠲᠤ ᠪᠢᠳᠡ ᠪᠠᠲᠤ ᠢᠲᠡᠭᠡᠵᠦ ᠪᠠᠶᠢᠨ᠎ᠠ᠂ ᠲᠡᠷᠡ | ᠦᠶ᠎ᠡ ᠳᠤ ᠣᠯᠠᠨ ᠢᠶᠠᠷ ᠢᠶᠠᠨ ᠨᠢᠭᠡ ᠳᠣᠣᠷ᠎ᠠ ᠴᠤᠭᠯᠠᠷᠠᠨ ᠪᠠᠶᠠᠷ ᠬᠥᠷ ᠲᠠᠢ ᠪᠠᠷ ᠰᠢᠨ᠎ᠡ ᠵᠢᠯ ᠢ ᠥᠩᠭᠡᠷᠡᠭᠦᠯᠬᠦ ᠪᠣᠯᠤᠨ᠎ᠠ︾ ᠬᠡᠵᠦ ᠳᠤᠭᠳᠤᠯᠤᠨ ᠶᠠᠷᠢᠵᠦ ᠪᠠᠶᠢᠯ᠎ᠠ᠃ | ᠨᠢᠭᠡ ᠨᠠᠮ ᠤᠨ ᠭᠡᠰᠢᠭᠦᠨ ᠪᠣᠯ ᠳᠠᠷᠤᠢ ᠨᠢᠭᠡᠨ ᠲᠤᠭ ᠲᠡᠮᠳᠡᠭ ᠮᠥᠨ᠂ ᠠᠶᠤᠯ ᠲᠦᠭᠰᠢᠭᠦᠷᠢ ᠲᠠᠢ ᠦᠶ᠎ᠡ ᠳᠤ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ | ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ ᠤᠬ ᠰᠠᠨᠠᠭ᠎ᠠ ᠪᠠᠨ ᠦᠢᠯᠡᠳᠦᠯᠭᠡᠵᠢᠭᠦᠯᠳᠡᠭ᠃ ᠡᠨᠡ ᠤᠳᠠᠭᠠᠨ ᠤ ᠳᠠᠷᠢ ᠶᠢᠨ ᠤᠲᠤᠭ᠎ᠠ ᠦᠬᠡᠢ ᠳᠠᠶᠢᠨ ᠳᠤ᠂ | ᠬᠢᠵᠢᠭ ᠢ ᠡᠰᠡᠷᠭᠦᠴᠡᠬᠦ ᠪᠦᠷᠢᠶ᠎ᠡ ᠬᠥᠮᠦᠰ ᠤᠨ ᠰᠡᠳᠬᠢᠯ ᠳᠤ ᠳᠠᠬᠢᠨᠲᠠ ᠴᠤᠤᠷᠢᠶᠠᠲᠤᠵᠤ᠂ ᠤᠬᠠᠭᠠᠨᠴᠢ ᠲᠡᠭᠦᠨ ᠤ ᠳᠠᠶᠢᠴᠢᠨ ᠨᠥᠬᠦᠳ ᠲᠠᠢ ᠪᠠᠨ ᠬᠠᠮᠲᠤ ᠪᠠᠷ | ᠬᠠᠶᠢᠷ᠎ᠠ᠂ ᠬᠠᠷᠢᠭᠤᠴᠠᠯᠭ᠎ᠠ ᠪᠠᠷ ᠢᠶᠠᠨ ᠥᠪᠡᠷ ᠤᠨ ᠨᠠᠮ ᠤᠨ ᠲᠤᠭ ᠤᠨ ᠳᠣᠣᠷᠠᠬᠢ ᠲᠠᠩᠭᠠᠷᠢᠭ ᠢᠶᠠᠨ ᠦᠢᠯᠡᠳᠦᠯᠭᠡᠵᠢᠭᠦᠯᠵᠦ ᠪᠢᠯᠡ᠃ ︵ ᠠᠪᠠᠭ᠎ᠠ ᠬᠤᠰᠢᠭᠤᠨ ᠤ | ᠲᠣᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠮᠦᠩᠬᠡᠨᠠᠰᠤᠨ ᠮᠡᠳᠡᠭᠡᠯᠡᠪᠡ︶ | | |