ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠤᠷ ᠲᠤ ᠬᠡᠲᠦᠷᠡᠮᠡᠬᠡᠢ ᠦᠢᠯᠡ ᠠᠵᠢᠯᠯᠠᠭ᠎ᠠ ᠪᠠᠷ ᠴᠠᠯᠢᠩ ᠨᠡᠬᠡᠬᠦ ᠲᠠᠢ ᠲᠠᠭᠠᠷᠠᠯᠳᠤᠪᠠᠯ᠂ ᠶᠠᠭᠠᠬᠢᠬᠤ ᠪᠤᠢ︖
ᠨᠡᠶᠢᠲᠡᠯᠡᠭᠰᠡᠨ ᠴᠠᠭ᠄
2022/1/4
          ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠤᠷ ᠲᠤ ᠬᠡᠲᠦᠷᠡᠮᠡᠬᠡᠢ ᠦᠢᠯᠡ           ᠠᠵᠢᠯᠯᠠᠭ᠎ᠠ ᠪᠠᠷ ᠴᠠᠯᠢᠩ ᠨᠡᠬᠡᠬᠦ ᠲᠠᠢ ᠲᠠᠭᠠᠷᠠᠯᠳᠤᠪᠠᠯ᠂ ᠶᠠᠭᠠᠬᠢᠬᠤ ᠪᠤᠢ︖           ︵ᠨᠢᠭᠡ ︶ ᠲᠤᠰᠠᠯᠠᠮᠵᠢ ᠭᠤᠶᠤᠴᠢᠯᠠᠵᠤ ᠬᠠᠷᠢᠭᠤ ᠳᠤᠰᠬᠠᠬᠤ᠄ ᠲᠤᠬᠠᠢ ᠶᠢᠨ ᠲᠠᠯᠠᠪᠠᠢ ᠶᠢᠨ ᠪᠠᠶᠢᠳᠠᠯ ᠢ ᠤᠶᠢᠯᠠᠭᠠᠬᠤ ᠶᠢᠨ ᠬᠠᠮᠳᠤ ᠮᠡᠳᠡᠭᠦᠯᠵᠦ᠂ ᠵᠢᠯᠤᠭᠤᠳᠬᠤ ᠲᠥᠪ ᠠᠴᠠ ᠴᠠᠭᠳᠠᠭᠠᠨ ᠤ ᠬᠦᠴᠦᠨ ᠢ ᠲᠥᠪᠯᠡᠷᠡᠭᠦᠯᠦᠨ ᠳᠤᠰᠠᠯᠠᠬᠤ ᠶᠢ ᠭᠤᠶᠤᠴᠢᠯᠠᠨ᠎ᠠ᠃      ︵ᠬᠤᠶᠠᠷ︶ ᠪᠠᠶᠢᠳᠠᠯ ᠢ ᠯᠠᠪᠳᠠᠭᠤᠨ ᠡᠵᠡᠮᠳᠡᠬᠦ᠄ ᠭᠠᠯ ᠤᠨᠲᠠᠷᠠᠭᠠᠬᠤ᠂ ᠬᠥᠳᠡᠯᠮᠦᠷᠢ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ᠂ ᠠᠵᠢᠯᠴᠢᠨ ᠬᠡᠷᠡᠭᠯᠡᠭᠰᠡᠨ ᠨᠢᠭᠡᠴᠢ᠂ ᠡᠮᠴᠢᠯᠡᠭᠡᠨ ᠤ ᠪᠠᠶᠢᠭᠤᠯᠤᠮᠵᠢ ᠶᠢᠨ ᠬᠥᠮᠦᠰ ᠲᠤ ᠴᠠᠭ ᠲᠤᠬᠠᠶ ᠳᠤ ᠨᠢ ᠮᠡᠳᠡᠭᠳᠡᠨ ᠲᠤᠬᠠᠶ ᠶᠢᠨ ᠲᠠᠯᠠᠪᠠᠶ ᠳᠤ ᠬᠦᠷᠦᠭᠦᠯᠵᠦ᠂ ᠰᠢᠢᠳᠪᠦᠷᠢᠯᠡᠬᠦ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃       ︵ᠭᠤᠷᠪᠠ︶ ᠠᠷᠭ᠎ᠠ ᠪᠠᠷᠢᠯ ᠢ ᠠᠮᠢᠳᠤᠯᠢᠭ ᠬᠡᠷᠡᠭᠯᠡᠬᠦ᠄ ᠲᠤᠬᠠᠶ ᠶᠢᠨ ᠲᠠᠯᠠᠪᠠᠶ ᠶᠢᠨ ᠪᠠᠶᠢᠳᠠᠯ ᠢ ᠦᠨᠳᠦᠰᠦᠯᠡᠨ᠂ ᠢᠳᠬᠠᠬᠤ᠂ ᠬᠤᠷᠢᠭᠯᠠᠬᠤ᠂ ᠠᠪᠤᠷᠠᠬᠤ᠂ ᠲᠤᠬᠠᠶ ᠶᠢᠨ ᠲᠠᠯᠠᠪᠠᠶ ᠠᠴᠠ ᠠᠯᠪᠠ ᠪᠠᠷ ᠵᠠᠶᠢᠯᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠮᠢᠳᠤᠯᠢᠭ ᠢᠶᠠᠷ ᠬᠡᠷᠡᠭᠯᠡᠵᠦ᠂ ᠬᠡᠲᠦᠷᠡᠮᠡᠬᠡᠶ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠬᠥᠮᠦᠰ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃       ︵ᠲᠦᠷᠪᠡ︶ ᠰᠤᠷᠭᠠᠨ ᠬᠥᠮᠦᠵᠢᠭᠦᠯᠵᠦ ᠢᠳᠬᠠᠬᠤ᠄ ᠲᠤᠬᠠᠢ ᠶᠢᠨ ᠬᠥᠮᠦᠨ ᠢ ᠰᠤᠷᠭᠠᠨ ᠬᠥᠮᠦᠵᠢᠭᠦᠯᠵᠦ᠂ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ ᠰᠢᠢᠳᠪᠦᠷᠢᠯᠡᠭᠦᠯᠬᠦ ᠶᠢ ᠲᠡᠭᠦᠨ ᠳᠤ ᠮᠡᠳᠡᠭᠳᠡᠨ᠎ᠡ᠃       ︵ᠲᠠᠪᠤ︶ ᠡᠮᠬᠢ ᠵᠢᠷᠤᠮ ᠢ ᠲᠣᠭᠲᠠᠪᠤᠷᠢᠵᠢᠭᠤᠯᠬᠤ᠄ ᠬᠡᠲᠦ ᠰᠢᠷᠦᠭᠦᠨ ᠢᠶᠠᠷ ᠴᠠᠯᠢᠩ ᠨᠡᠬᠡᠬᠦ ᠠᠵᠢᠯᠯᠠᠭ᠎ᠠ ᠶᠢ ᠰᠢᠢᠳᠪᠦᠷᠢᠯᠡᠬᠦ ᠦᠶ᠎ᠡ ᠳᠤ᠂ ᠴᠤᠭᠯᠠᠷᠠᠨ ᠦᠵᠡᠵᠦ ᠪᠠᠶᠢᠭ᠎ᠠ ᠣᠯᠠᠨ ᠲᠦᠮᠡᠨ ᠢ ᠴᠠᠭ ᠲᠤᠬᠠᠶ ᠳᠤ ᠨᠢ ᠲᠠᠷᠬᠠᠭᠠᠵᠤ᠂ ᠲᠤᠬᠠᠶ ᠶᠢᠨ ᠲᠠᠯᠠᠪᠠᠶ ᠶᠢᠨ ᠡᠮᠬᠢ ᠵᠢᠷᠤᠮ ᠢ ᠰᠠᠶᠢᠲᠤᠷ ᠬᠠᠮᠠᠭᠠᠯᠠᠬᠤ ᠶᠢ ᠠᠩᠬᠠᠷᠬᠤ ᠬᠡᠷᠡᠭᠲᠡᠶ᠃       ᠬᠠᠤᠯᠢ ᠴᠠᠭᠠᠵᠠ ᠶᠢᠨ ᠦᠨᠳᠦᠰᠦᠯᠡᠯ᠄ ︽ᠠᠷᠠᠳ ᠤᠨ ᠴᠠᠭᠳᠠᠭᠠᠨ ᠤ ᠬᠠᠤᠯᠢ︾ ᠶᠢᠨ 21 ᠳ᠋ᠦ᠋ᠭᠡᠷ ᠵᠦᠢᠯ᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠶᠢᠨ 23 ᠳ᠋ᠤᠭᠠᠷ ᠵᠦᠢᠯ᠃
ᠢᠷᠡᠯᠲᠡ᠄ ᠲᠣᠳᠤᠭᠠᠳᠤ ᠶᠢ ᠬᠠᠮᠠᠭᠠᠯᠠᠬᠤ ᠲᠢᠩᠬᠢᠮ