ᠠᠷᠠᠳ ᠤᠨ ᠴᠠᠭᠳᠠᠭ᠎ᠠ ᠮᠡᠳᠡᠷᠡᠯ ᠤᠨ ᠡᠪᠡᠳᠴᠢᠨ ᠲᠠᠢ ᠬᠦᠮᠦᠨ ᠬᠡᠷᠡᠭ ᠭᠠᠷᠭᠠᠵᠤ ᠤᠷᠰᠢᠭ ᠲᠠᠲᠠᠵᠤ ᠪᠠᠶᠢᠭ᠎ᠠ ᠪᠠᠶᠢᠳᠠᠯ ᠲᠣᠬᠢᠶᠠᠯᠳᠤᠪᠠᠯ᠂ ᠶᠠᠭᠠᠬᠢᠬᠤ ᠪᠤᠢ︖
ᠨᠡᠶᠢᠲᠡᠯᠡᠭᠰᠡᠨ ᠴᠠᠭ᠄
2022/1/4
          ᠠᠷᠠᠳ ᠤᠨ ᠴᠠᠭᠳᠠᠭ᠎ᠠ ᠮᠡᠳᠡᠷᠡᠯ ᠤᠨ ᠡᠪᠡᠳᠴᠢᠨ ᠲᠠᠢ ᠬᠦᠮᠦᠨ ᠬᠡᠷᠡᠭ ᠭᠠᠷᠭᠠᠵᠤ           ᠤᠷᠰᠢᠭ ᠲᠠᠲᠠᠵᠤ ᠪᠠᠶᠢᠭ᠎ᠠ ᠪᠠᠶᠢᠳᠠᠯ ᠲᠣᠬᠢᠶᠠᠯᠳᠤᠪᠠᠯ᠂ ᠶᠠᠭᠠᠬᠢᠬᠤ ᠪᠤᠢ︖           ︵ᠨᠢᠭᠡ︶ ᠡᠮᠬᠢ ᠲᠢᠭᠯᠢᠮ ᠢ ᠬᠠᠮᠠᠭᠠᠯᠠᠬᠤ᠄ ᠲᠤᠬᠠᠢ ᠶᠢᠨ ᠲᠠᠯᠠᠪᠠᠢ ᠶᠢᠨ ᠪᠠᠶᠢᠳᠠᠯ ᠢ ᠢᠯᠭᠠᠨ ᠲᠣᠳᠤᠷᠬᠠᠶᠢᠯᠠᠵᠤ᠂ ᠴᠤᠭᠯᠠᠷᠠᠨ ᠦᠵᠡᠵᠦ ᠪᠠᠶᠢᠭ᠎ᠠ ᠣᠯᠠᠨ ᠲᠥᠮᠡᠨ ᠢ ᠲᠠᠷᠬᠠᠭᠠᠨ᠂ ᠰᠡᠷᠡᠮᠵᠢᠯᠡᠭᠦᠯᠬᠦ ᠪᠦᠰᠡ ᠲᠠᠲᠠᠵᠤ ᠲᠤᠬᠠᠢ ᠶᠢᠨ ᠲᠠᠯᠠᠪᠠᠢ ᠶᠢ ᠲᠤᠰᠠᠭᠠᠷᠯᠠᠬᠤ ᠬᠡᠷᠡᠭᠳᠡᠢ᠃     ︵ᠬᠤᠶᠠᠷ︶ ᠤᠷᠮ᠎ᠠ ᠰᠡᠳᠬᠢᠯᠭᠡ ᠶᠢ ᠲᠣᠭᠲᠠᠪᠤᠷᠢᠵᠢᠭᠤᠯᠬᠤ᠄ ᠠᠯᠢ ᠴᠢᠳᠠᠬᠤ ᠪᠠᠷ ᠠᠶ᠎ᠠ ᠶᠢ ᠨᠢ ᠳᠠᠭᠠᠭᠤᠯᠵᠤ ᠠᠷᠭᠠᠳᠠᠨ ᠮᠡᠬᠡᠯᠡᠬᠦ᠂ ᠲᠥᠷᠥᠯ ᠰᠠᠳᠤᠨ ᠤ ᠰᠡᠳᠬᠢᠯᠭᠡ ᠪᠠᠷ ᠤᠶᠠᠷᠠᠭᠤᠯᠬᠤ ᠵᠡᠷᠭᠡ ᠠᠷᠭ᠎ᠠ ᠪᠠᠷ ᠮᠡᠳᠡᠷᠡᠯ ᠤᠨ ᠡᠪᠡᠳᠴᠢᠲᠡᠨ ᠤ ᠤᠷᠮ᠎ᠠ ᠰᠡᠳᠬᠢᠯᠭᠡ ᠶᠢ ᠲᠣᠭᠲᠠᠪᠤᠷᠢᠵᠢᠭᠤᠯᠬᠤ ᠬᠡᠷᠡᠭᠲᠡᠶ᠃ ᠮᠡᠳᠡᠷᠡᠯ ᠤᠨ ᠡᠪᠡᠳᠴᠢᠲᠡᠨ ᠤ ᠭᠡᠷ ᠪᠦᠯᠢ ᠪᠣᠯᠤᠨ ᠬᠢᠨᠠᠨ ᠬᠠᠮᠠᠭᠠᠯᠠᠭᠴᠢ ᠳᠤ ᠨᠢ ᠠᠯᠢ ᠴᠢᠳᠠᠬᠤ ᠪᠠᠷ ᠮᠡᠳᠡᠭᠳᠡᠵᠦ᠂ ᠲᠡᠳᠡᠨ ᠢᠶᠠᠷ ᠢᠳᠬᠠᠭᠤᠯᠵᠤ᠂ ᠶᠠᠷᠭᠠᠯᠠᠬᠤ ᠵᠡᠪᠰᠡᠭ ᠢ ᠨᠢ ᠲᠠᠯᠪᠢᠭᠤᠯᠵᠤ᠂ ᠬᠦᠴᠦᠷᠬᠡᠭᠯᠡᠯ ᠤᠨ ᠬᠡᠯᠪᠡᠷᠢᠯ ᠢ ᠨᠢ ᠠᠷᠢᠯᠭᠠᠭᠤᠯᠤᠨ᠎ᠠ᠃      ︵ᠭᠤᠷᠪᠠ︶  ᠴᠠᠭᠳᠠᠭᠠᠨ ᠤ ᠪᠠᠭᠠᠵᠢ ᠬᠡᠷᠡᠭᠯᠡᠬᠦ᠄ ᠬᠦᠴᠦᠷᠬᠡᠭᠯᠡᠯ ᠤᠨ ᠬᠡᠯᠪᠡᠷᠢᠯ ᠢ ᠠᠷᠢᠯᠭᠠᠬᠤ ᠶᠢᠨ ᠠᠷᠭ᠎ᠠ ᠦᠭᠡᠢ᠂ ᠣᠯᠠᠨ ᠨᠡᠶᠢᠳᠡ ᠶᠢᠨ ᠠᠮᠤᠷ ᠲᠦᠪᠰᠢᠨ ᠪᠣᠶᠤ ᠪᠣᠰᠤᠳ ᠤᠨ ᠪᠡᠶ᠎ᠡ ᠶᠢᠨ ᠠᠮᠤᠷ ᠲᠥᠪᠰᠢᠨ ᠳᠤ ᠬᠤᠤᠷ ᠬᠦᠨᠦᠭᠡᠯ ᠤᠴᠠᠷᠠᠭᠤᠯᠬᠤ ᠮᠡᠳᠡᠷᠡᠯ ᠤᠨ ᠡᠪᠡᠳᠴᠢᠳᠡᠨ ᠳᠤ ᠴᠠᠭᠳᠠᠭᠠᠨ ᠤ ᠲᠡᠭᠡᠰᠦ᠂ ᠭᠠᠪᠠ ᠵᠡᠷᠭᠡ ᠬᠢᠵᠠᠭᠠᠷᠯᠠᠬᠤ ᠴᠢᠨᠠᠷᠳᠠᠢ ᠴᠠᠭᠳᠠᠭᠠᠨ ᠤ ᠪᠠᠭᠠᠵᠢ ᠬᠡᠷᠡᠭᠯᠡᠵᠦ ᠪᠣᠯᠣᠨ᠎ᠠ᠃      ︵ᠲᠦᠷᠪᠡ︶ ᠵᠡᠪᠰᠡᠭ ᠬᠡᠷᠡᠭᠯᠡᠬᠦ᠄ ᠠᠷᠠᠳ ᠢᠷᠭᠡᠳ ᠤᠨ ᠠᠮᠢ ᠨᠠᠰᠤᠨ ᠤ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠬᠤ ᠬᠦᠴᠦᠷᠬᠡᠭᠯᠡᠯ ᠤᠨ ᠤᠢᠢᠯᠠ ᠠᠵᠢᠯᠯᠠᠭ᠎ᠠ ᠶᠢ ᠶᠠᠭ ᠬᠢᠵᠦ ᠪᠠᠶᠢᠭ᠎ᠠ ᠪᠤᠶᠤ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠦᠴᠦᠷᠬᠡᠭᠯᠡᠯ ᠢᠶᠠᠷ ᠡᠰᠡᠷᠭᠦᠴᠡᠵᠦ ᠬᠠᠷᠰᠢᠯᠠᠭᠰᠠᠨ᠂ ᠠᠷᠠᠳ ᠤᠨ ᠴᠠᠭᠳᠠᠭ᠎ᠠ ᠳᠤ ᠬᠦᠴᠦᠷᠬᠡᠭᠯᠡᠯ ᠢᠶᠠᠷ ᠲᠡᠭᠠᠷᠢᠯᠳᠠ ᠶᠠᠪᠤᠭᠤᠯᠤᠭᠠᠳ ᠠᠷᠠᠳ ᠤᠨ ᠴᠠᠭᠳᠠᠭ᠎ᠠ ᠶᠢᠨ ᠠᠮᠢ ᠨᠠᠰᠤᠨ ᠤ ᠠᠮᠤᠷ ᠲᠦᠪᠰᠢᠨ ᠢ ᠰᠦᠷᠳᠡᠭᠦᠯᠦᠭᠰᠡᠨ ᠪᠠᠶᠢᠪᠠᠯ ᠵᠡᠪᠰᠡᠭ ᠬᠡᠷᠡᠭᠯᠡᠵᠦ ᠪᠣᠯᠤᠨ᠎ᠠ᠃      ︵ᠲᠠᠪᠤ︶ ᠰᠢᠷᠬᠠᠲᠠᠨ ᠢ ᠠᠪᠤᠷᠠᠨ ᠲᠤᠰᠠᠯᠠᠬᠤ᠄ ᠲᠤᠬᠠᠢ ᠶᠢᠨ ᠲᠠᠯᠠᠪᠤᠷ ᠲᠤ ᠰᠢᠷᠬᠠᠲᠠᠨ ᠪᠠᠶᠢᠪᠠᠯ᠂ ᠲᠡᠷᠡ ᠳᠠᠷᠤᠢ ᠳᠤ ᠨᠢ ᠲᠦᠷᠭᠡᠨ ᠠᠪᠤᠷᠠᠬᠤ ᠠᠷᠭ᠎ᠠ ᠬᠡᠮᠵᠢᠶ᠎ᠡ ᠠᠪᠴᠤ᠂ 120 ᠲᠦᠷᠭᠡᠨ ᠠᠪᠤᠷᠠᠬᠤ ᠤᠲᠠᠰᠤ ᠶᠢ ᠤᠲᠠᠰᠤᠳᠠᠨ᠎ᠠ᠃      ︵ᠵᠢᠷᠭᠤᠭ᠎ᠠ︶ ᠲᠥᠯᠥᠪᠦᠷᠢ ᠥᠭᠬᠦ ᠶᠢ ᠮᠡᠳᠡᠭᠳᠡᠬᠦ᠄ ᠬᠥᠮᠦᠨ ᠤ ᠪᠡᠶ᠎ᠡ ᠶᠢ ᠭᠡᠮᠲᠦᠭᠡᠭᠰᠡᠨ ᠪᠠ ᠡᠳ᠋ ᠬᠦᠷᠦᠩᠭᠡ ᠶᠢ ᠬᠤᠬᠢᠷᠠᠭᠤᠯᠤᠭᠰᠠᠨ ᠪᠠᠶᠢᠪᠠᠯ᠂ ᠮᠡᠳᠡᠷᠡᠯ ᠤᠨ ᠡᠪᠡᠳᠴᠢᠲᠡᠨ ᠤ ᠬᠢᠨᠠᠨ ᠬᠠᠮᠠᠭᠠᠯᠠᠭᠴᠢ ᠠᠴᠠ ᠲᠥᠯᠥᠪᠦᠷᠢ ᠠᠪᠬᠤ ᠪᠠᠷ ᠭᠤᠶᠤᠴᠢᠯᠠᠬᠤ ᠶᠢ ᠬᠤᠬᠢᠷᠠᠯ ᠠᠮᠰᠠᠭᠴᠢ ᠳᠤ ᠮᠡᠳᠡᠭᠳᠡᠨ᠎ᠡ᠃
ᠢᠷᠡᠯᠲᠡ᠄ ᠲᠣᠳᠤᠭᠠᠳᠤ ᠶᠢ ᠬᠠᠮᠠᠭᠠᠯᠠᠬᠤ ᠲᠢᠩᠬᠢᠮ