ᠠᠷᠠᠳ ᠤᠨ ᠴᠠᠭᠳᠠᠭ᠎ᠠ ︽ᠭᠦᠷᠯᠡᠬᠦ︾ ᠰᠡᠵᠢᠭᠲᠡᠶ ᠬᠥᠮᠦᠨ ᠳᠠᠭᠠᠷᠠᠪᠠᠯ ᠶᠠᠭᠠᠬᠢᠬᠤ ᠪᠣᠶ︖
ᠨᠡᠶᠢᠲᠡᠯᠡᠭᠰᠡᠨ ᠴᠠᠭ᠄
2022/1/4
          ᠠᠷᠠᠳ ᠤᠨ ᠴᠠᠭᠳᠠᠭ᠎ᠠ ︽ᠭᠦᠷᠯᠡᠬᠦ︾ ᠰᠡᠵᠢᠭᠲᠡᠶ ᠬᠥᠮᠦᠨ ᠳᠠᠭᠠᠷᠠᠪᠠᠯ ᠶᠠᠭᠠᠬᠢᠬᠤ ᠪᠣᠶ︖          ︵ᠨᠢᠭᠡ︶ ᠲᠤᠬᠠᠢ ᠶᠢᠨ ᠲᠠᠯᠠᠪᠤᠷ ᠤᠨ ᠪᠠᠶᠢᠴᠠᠭᠠᠯᠲᠠ᠄ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠬᠡᠷᠡᠭ ᠤᠨ ᠤᠴᠢᠷ ᠰᠢᠯᠲᠠᠭᠠᠨ ᠢ ᠣᠶᠢᠯᠠᠭᠠᠵᠤ᠂ ᠬᠡᠷᠡᠭ ᠤᠨ ᠰᠢᠨᠵᠢ ᠴᠢᠨᠠᠷ ᠢ ᠠᠩᠬ᠎ᠠ ᠠᠯᠬᠤᠮ ᠮᠠᠭᠠᠳᠯᠠᠬᠤ᠃       ︵ᠬᠤᠶᠠᠷ︶ ᠭᠡᠷᠡᠴᠢ ᠪᠠᠷᠢᠮᠲᠠ ᠶᠢ ᠲᠤᠭᠳᠠᠪᠤᠷᠢᠵᠢᠭᠤᠯᠬᠤ᠄ ᠲᠤᠬᠠᠢ ᠶᠢᠨ ᠲᠠᠯᠠᠪᠤᠷ ᠢ ᠬᠠᠮᠠᠭᠠᠯᠠᠵᠤ᠂ ᠲᠤᠬᠠᠢ ᠶᠢᠨ ᠲᠠᠯᠠᠪᠤᠷ ᠢ ᠬᠠᠶᠢᠨ ᠪᠠᠶᠢᠴᠠᠭᠠᠨ᠎ᠠ᠃ ᠲᠤᠬᠠᠢ ᠶᠢᠨ ᠬᠥᠮᠦᠨ᠂ ᠭᠡᠷᠡᠴᠢᠯᠡᠭᠴᠢ ᠠᠴᠠ ᠯᠠᠪᠯᠠᠨ ᠠᠰᠠᠭᠤᠨ᠎ᠠ᠃ ᠲᠡᠷᠭᠡᠨ ᠤ ᠲᠡᠮᠳᠡᠭᠯᠡᠭᠦᠷ ᠤᠨ ᠸᠢᠳᠢᠣ᠋ ᠮᠠᠲ᠋ᠧᠷᠢᠶᠠᠯ ᠢ ᠬᠠᠳᠠᠭᠠᠯᠠᠨ᠎ᠠ᠃       ︵ᠭᠤᠷᠪᠠ︶ ᠲᠤᠰᠠᠯᠠᠮᠵᠢ ᠭᠤᠶᠤᠴᠢᠯᠠᠭᠰᠠᠨ ᠢ ᠬᠠᠷᠢᠭᠤ ᠲᠤᠰᠬᠠᠬᠤ᠄ ᠵᠢᠯᠣᠭᠤᠳᠬᠤ ᠲᠥᠪ ᠲᠤ ᠴᠠᠭ ᠲᠤᠬᠠᠶ ᠳᠤ ᠨᠢ ᠮᠡᠳᠡᠭᠦᠯᠵᠦ᠂ ᠰᠡᠵᠢᠭᠯᠡᠯᠲᠡᠢ ᠬᠡᠷᠡᠭ ᠤᠨ ᠲᠦᠭᠰᠢᠭᠦᠷᠢ ᠮᠡᠳᠡᠭᠦᠯᠦᠭᠰᠡᠨ ᠲᠡᠮᠳᠡᠭᠯᠡᠯ ᠢ ᠪᠠᠶᠢᠴᠠᠭᠠᠨ ᠡᠷᠢᠵᠦ᠂ ᠰᠡᠵᠢᠭᠲᠡᠶ ᠬᠥᠮᠦᠰ ᠲᠤ ᠡᠶᠢᠮᠦᠷᠬᠦ ᠬᠡᠷᠡᠭ ᠤᠨ ᠶᠠᠯ᠎ᠠ ᠶᠢᠨ ᠲᠡᠥᠭᠡ ᠣᠷᠣᠰᠢᠵᠤ ᠪᠠᠶᠢᠬᠤ ᠡᠰᠡᠬᠦ ᠶᠢ ᠤᠯᠠᠮ ᠨᠢᠭᠡ ᠠᠯᠬᠤᠮ ᠬᠢᠨᠠᠨ ᠬᠠᠷᠭᠤᠭᠤᠯᠤᠨ᠎ᠠ᠃       ︵ᠲᠦᠷᠪᠡ︶ ᠡᠷᠡᠰ ᠰᠢᠭᠤᠷᠬᠠᠢ ᠪᠠᠷ ᠰᠢᠢᠳᠪᠦᠷᠢᠯᠡᠬᠦ᠄ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠬᠤ ᠶᠢ ᠨᠢ ᠭᠡᠷᠡᠴᠢᠯᠡᠬᠦ ᠭᠡᠷᠡᠴᠢ ᠪᠠᠷᠢᠮᠲᠠ ᠲᠠᠢ ᠬᠥᠮᠦᠨ ᠢ ᠡᠷᠡᠰ ᠰᠢᠭᠤᠷᠬᠠᠢ ᠪᠠᠷ ᠡᠵᠡᠮᠳᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠠᠪᠠᠴᠢᠵᠤ ᠬᠠᠤᠯᠢ ᠶᠣᠰᠣᠭᠠᠷ ᠰᠢᠢᠳᠪᠦᠷᠢᠯᠡᠨ᠎ᠡ᠃
ᠢᠷᠡᠯᠲᠡ᠄ ᠲᠣᠳᠤᠭᠠᠳᠤ ᠶᠢ ᠬᠠᠮᠠᠭᠠᠯᠠᠬᠤ ᠲᠢᠩᠬᠢᠮ