ᠠᠷᠠᠳ ᠤᠨ ᠴᠠᠭᠳᠠᠭ᠎ᠠ ᠬᠡᠪ ᠤᠨ ᠪᠤᠰᠤ ᠦᠬᠦᠭᠰᠡᠨ ᠬᠡᠭᠦᠷ ᠢ ᠣᠯᠵᠤ ᠢᠯᠡᠷᠡᠭᠦᠯᠪᠡᠯ᠂ ᠶᠠᠭᠠᠬᠢᠬᠤ ᠪᠤᠢ︖
ᠨᠡᠶᠢᠲᠡᠯᠡᠭᠰᠡᠨ ᠴᠠᠭ᠄
2022/1/4
           ᠠᠷᠠᠳ ᠤᠨ ᠴᠠᠭᠳᠠᠭ᠎ᠠ ᠬᠡᠪ ᠤᠨ ᠪᠤᠰᠤ ᠦᠬᠦᠭᠰᠡᠨ ᠬᠡᠭᠦᠷ ᠢ ᠣᠯᠵᠤ ᠢᠯᠡᠷᠡᠭᠦᠯᠪᠡᠯ᠂ ᠶᠠᠭᠠᠬᠢᠬᠤ ᠪᠤᠢ︖          ︵ᠨᠢᠭᠡ︶ ᠲᠤᠬᠠᠶ ᠶᠢᠨ ᠲᠠᠯᠠᠪᠠᠶ ᠶᠢᠨ ᠰᠡᠷᠭᠡᠶᠢᠯᠡᠯᠲᠡ ᠬᠢᠬᠦ᠄ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠵᠤ᠂ ᠲᠤᠬᠠᠶ ᠶᠢᠨ ᠲᠠᠯᠠᠪᠠᠶ ᠶᠢᠨ ᠰᠡᠷᠭᠡᠶᠢᠯᠡᠯᠲᠡ ᠶᠢ ᠪᠠᠶᠢᠷᠢᠯᠠᠭᠤᠯᠤᠨ᠂ ᠣᠯᠠᠨ ᠲᠦᠮᠡᠨ ᠢ ᠲᠠᠷᠬᠠᠭᠠᠵᠤ᠂ ᠲᠤᠬᠠᠶ ᠶᠢᠨ ᠲᠠᠯᠠᠪᠠᠶ ᠶᠢ ᠬᠠᠮᠠᠭᠠᠯᠠᠨ᠎ᠠ᠃ ᠨᠥᠬᠦᠴᠡᠯ ᠲᠠᠢ ᠨᠢ ᠬᠡᠭᠦᠷ ᠪᠡᠶ᠎ᠡ ᠶᠢ ᠬᠠᠯᠬᠠᠯᠠᠵᠤ ᠬᠠᠮᠠᠭᠠᠯᠠᠬᠤ ᠬᠡᠷᠡᠭᠲᠡᠶ᠃      ︵ᠬᠤᠶᠠᠷ︶ ᠲᠤᠬᠠᠶ ᠶᠢᠨ ᠲᠠᠯᠠᠪᠠᠶ ᠳᠤ ᠪᠠᠶᠢᠴᠠᠭᠠᠬᠤ᠄ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠷᠪᠤᠯᠵᠢᠯᠠᠬᠤ ᠶᠢ ᠥᠷᠨᠢᠭᠦᠯᠵᠦ᠂ ᠲᠤᠬᠠᠶ ᠶᠢᠨ ᠲᠠᠯᠠᠪᠠᠶ ᠳᠤ ᠨᠢᠳᠦ ᠪᠠᠷ ᠢᠶᠠᠨ ᠦᠵᠡᠭᠰᠡᠨ ᠭᠡᠷᠡᠴᠢᠯᠡᠭᠴᠢ ᠶᠢ ᠡᠷᠢᠨ᠎ᠡ᠃      ︵ᠭᠤᠷᠪᠠ︶ ᠲᠤᠰᠠᠯᠠᠮᠵᠢ ᠭᠤᠶᠤᠴᠢᠯᠠᠬᠤ᠄ ᠲᠤᠬᠠᠶ ᠶᠢᠨ ᠲᠠᠯᠠᠪᠠᠶ ᠶᠢᠨ ᠬᠤᠯᠪᠣᠭᠳᠠᠯ ᠪᠦᠬᠦᠢ ᠪᠠᠶᠢᠳᠠᠯ ᠢ ᠵᠢᠯᠣᠭᠤᠳᠬᠤ ᠲᠥᠪ ᠲᠤ ᠴᠠᠭ ᠲᠤᠬᠠᠶ ᠳᠤ ᠨᠢ ᠮᠡᠳᠡᠭᠦᠯᠵᠦ᠂ ᠡᠷᠡᠭᠦᠦ ᠶᠢᠨ ᠲᠤᠷᠰᠢᠨ ᠪᠠᠶᠢᠴᠠᠭᠠᠬᠤ ᠪᠠ ᠭᠠᠯ ᠤᠨᠲᠠᠷᠠᠭᠠᠬᠤ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠮᠡᠳᠡᠭᠳᠡᠨ ᠪᠠᠶᠢᠴᠠᠭᠠᠵᠤ ᠭᠡᠷᠡᠴᠢ ᠠᠪᠬᠤ ᠠᠵᠢᠯ ᠥᠷᠨᠢᠭᠦᠯᠦᠨ᠎ᠡ᠃
ᠢᠷᠡᠯᠲᠡ᠄ ᠲᠣᠳᠤᠭᠠᠳᠤ ᠶᠢ ᠬᠠᠮᠠᠭᠠᠯᠠᠬᠤ ᠲᠢᠩᠬᠢᠮ