ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠭᠤᠴᠢᠨ ᠨᠠᠢᠮᠠᠳᠤᠭᠠᠷ ᠬᠤᠭᠤᠴᠠᠭᠠᠨ ᠤ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠠ
ᠨᠡᠶᠢᠲᠡᠯᠡᠭᠰᠡᠨ ᠴᠠᠭ᠄
2022/10/12
      9 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠭᠤᠴᠢᠨ ᠨᠠᠢᠮᠠᠳᠤᠭᠠᠷ ᠬᠤᠭᠤᠴᠠᠭᠠᠨ ᠤ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠠ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠳᠡᠳ᠋ ᠱᠦᠵᠢ᠂ ᠲᠢᠩᠬᠢᠮ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠪᠢᠨ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠰᠤ᠋ ᠡᠾᠧ ᠱᠧᠩ ᠬᠤᠷᠠᠯ ᠳᠤ ᠣᠷᠣᠯᠴᠠᠵᠤ᠂ ᠬᠤᠷᠠᠯ ᠢ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠬᠢᠷᠤᠯ ᠯᠢ ᠶᠦᠩ ᠯᠢᠨ ᠡᠷᠭᠢᠯᠡᠪᠡ᠃
HB_16152.JPG   
      ᠬᠤᠷᠠᠯ ᠳᠡᠭᠡᠷ᠎ᠡ᠂ ᠸᠠᠩ ᠪᠢᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠶᠢᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢ ᠲᠥᠯᠥᠭᠡᠯᠡᠨ ᠲᠠᠷᠬᠠᠭᠠᠭᠰᠠᠨ ︽ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠥᠷᠭᠡᠨ ᠣᠯᠠᠨ ᠪᠠᠭᠰᠢ ᠰᠤᠷᠭᠠᠭᠴᠢ ᠵᠢᠴᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠠᠵᠢᠯᠲᠠᠨ ᠳᠤ ᠥᠭᠭᠦᠭᠰᠡᠨ ᠲᠣᠬᠤᠨᠢᠭᠤᠯᠬᠤ ᠵᠠᠬᠢᠳᠠᠯ︾ ᠢ ᠤᠩᠰᠢᠨ ᠨᠡᠶᠢᠲᠡᠯᠡᠪᠡ᠃
HB_16172.JPG     
      ᠯᠢᠦ ᠬᠤᠩ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠡᠮᠦᠨ᠎ᠡ ᠠᠴᠠ ᠪᠠᠭᠰᠢ ᠠᠵᠢᠯᠳᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠳᠡᠭᠡᠳᠦ ᠰᠤᠷᠭᠠᠭᠤᠯᠢ ᠶᠢᠨ ᠪᠦᠬᠦ ᠪᠠᠭᠰᠢ ᠠᠵᠢᠯᠳᠠᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠦᠷᠦ ᠪᠠᠲᠤ ᠴᠢᠩᠭ᠎ᠠ᠂ ᠢᠲᠡᠭᠡᠯ ᠪᠢᠰᠢᠷᠡᠯ ᠪᠠᠲᠤ ᠴᠢᠩᠭ᠎ᠠ ᠰᠢᠳᠤᠷᠭᠤ ᠪᠠᠭᠰᠢ ᠪᠣᠯᠬᠤ ᠶᠢ ᠪᠠᠷᠢᠮᠳᠠᠯᠠᠬᠤ︔ ᠡᠷᠳᠡᠮ ᠮᠡᠳᠡᠯᠭᠡ ᠪᠠᠷ ᠬᠢᠵᠠᠭᠠᠷ ᠦᠭᠡᠢ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠡᠷᠳᠡᠮ ᠮᠡᠳᠡᠯᠭᠡ ᠪᠠᠷ ᠪᠠᠶᠠᠯᠢᠭ ᠪᠠᠭᠰᠢ ᠪᠣᠯᠬᠤ ᠶᠢ ᠪᠠᠷᠢᠮᠲᠠᠯᠠᠬᠤ︔ ᠪᠦᠬᠦ ᠲᠠᠯ᠎ᠠ ᠳᠤ ᠦᠢᠯᠡᠴᠢᠯᠡᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠵᠣᠷᠢᠭᠲᠠᠶ ᠪᠠᠷ ᠬᠤᠪᠢ ᠨᠡᠮᠡᠷᠢ ᠦᠵᠡᠭᠦᠯᠬᠦ ᠬᠠᠷᠢᠭᠤᠴᠠᠯᠭ᠎ᠠ ᠡᠭᠦᠷᠭᠡᠯᠡᠬᠦ ᠪᠠᠭᠰᠢ ᠪᠣᠯᠬᠤ ᠶᠢ ᠪᠠᠷᠢᠮᠲᠠᠯᠠᠬᠤ︔ ᠪᠡᠶ᠎ᠡ ᠪᠠᠨ ᠴᠢᠩᠭ᠎ᠠ ᠵᠠᠰᠠᠨ ᠱᠠᠭᠠᠷᠳᠠᠵᠤ᠂ ᠪᠠᠭᠰᠢ ᠶᠢᠨ ᠮᠣᠷᠠᠯ ᠡᠷᠬᠢᠮ ᠳᠡᠭᠡᠳᠦ᠂ ᠦᠢᠯᠡ ᠠᠵᠢᠯᠯᠠᠭ᠎ᠠ ᠬᠡᠪ ᠳᠠᠭᠤᠷᠢᠶᠠᠯ ᠪᠣᠯᠬᠤ ᠵᠠᠩ ᠰᠤᠷᠲᠠᠯ ᠤᠨ ᠪᠠᠭᠰᠢ ᠪᠣᠯᠬᠤ ᠬᠡᠷᠡᠭᠲᠡᠶ ᠭᠡᠵᠦ ᠱᠠᠭᠠᠷᠳᠠᠪᠠ᠃
 HB_16201.JPG  
      ᠶᠡᠭᠡ ᠬᠤᠷᠠᠯ ᠠᠴᠠ ᠰᠢᠯᠢᠳᠡᠭ ᠪᠠᠭᠰᠢ᠂ ᠰᠢᠯᠢᠳᠡᠭ ᠰᠤᠷᠭᠠᠨ ᠬᠥᠮᠦᠵᠢᠯ ᠤᠨ ᠠᠵᠢᠯᠳᠠᠨ᠂ ᠰᠢᠯᠢᠳᠡᠭ ᠰᠤᠷᠤᠭᠴᠢ ᠶᠢᠨ ᠬᠠᠮᠢᠶᠠᠷᠤᠯᠲᠠ ᠶᠢᠨ ᠺᠠᠳ᠋ᠷ᠂ ᠪᠠᠭᠰᠢ ᠶᠢᠨ ᠮᠣᠷᠠᠯ ᠰᠤᠷᠲᠠᠯ ᠤᠨ ᠲᠡᠷᠢᠭᠦᠨ ᠤ ᠬᠤᠪᠢ ᠬᠥᠮᠦᠨ᠂ ᠬᠥᠬᠡᠬᠤᠲᠠ ᠶᠢᠨ ᠠᠮᠤᠷ ᠠᠮᠤᠭᠤᠯᠠᠩ ᠤᠨ ᠪᠦᠳᠦᠭᠡᠨ ᠪᠠᠶᠢᠭᠤᠯᠤᠯᠲᠠ ᠶᠢᠨ ᠲᠡᠷᠢᠭᠦᠨ ᠤ ᠬᠤᠪᠢ ᠬᠥᠮᠦᠨ ᠪᠠ︽ᠬᠥᠬᠡᠬᠤᠲᠠ ᠶᠢᠨ ᠰᠠᠶᠢᠨ ᠬᠥᠮᠦᠨ︾ ᠤ ᠢᠷᠠᠭᠤ ᠠᠯᠳᠠᠷ ᠢ ᠬᠦᠷᠳᠡᠭᠴᠢ᠂ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠵᠡᠷᠭᠡ ᠶᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠪᠠ᠃ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ᠂ ᠱᠠᠩᠨᠠᠯ ᠬᠦᠷᠳᠡᠭᠰᠡᠨ ᠪᠠᠭᠰᠢ ᠶᠢᠨ ᠲᠥᠯᠥᠭᠡᠯᠡᠭᠴᠢ ᠵᠢᠴᠢ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠶᠢᠨ ᠲᠥᠯᠥᠭᠡᠯᠡᠭᠴᠢ ᠬᠤᠷᠠᠯ ᠳᠡᠭᠡᠷ᠎ᠡ ᠦᠭᠡ ᠬᠡᠯᠡᠪᠡ᠃
HB_16291.JPG   
      ᠬᠤᠷᠠᠯ ᠠᠴᠠ ᠡᠮᠦᠨ᠎ᠡ᠂ ᠯᠢᠦ ᠬᠤᠩ᠂ ᠸᠠᠩ ᠪᠢᠨ ᠨᠠᠷ ᠯᠢ ᠵᠢᠶᠦ᠋ᠨ ᠬᠤᠸᠠᠢ᠂ ᠪᠦᠦ ᠰᠦ᠋ ᠬᠤᠩ᠂ ᠪᠢᠯᠢᠭᠦᠨ᠂ ᠭᠧᠩ ᠯᠢᠶᠠᠩ᠂ ᠰᠢᠤᠢ ᠰᠢᠦ ᠯᠠᠨ᠂ ᠵᠦ ᠭᠤᠸᠠᠩ ᠴᠢᠨ᠂ ᠶᠠᠩ ᠫᠸᠢ ᠯᠢᠨ᠂ ᠸᠧᠢ ᠷᠠᠨ᠂ ᠰᠤᠷᠠᠨ᠎ᠠ ᠵᠡᠷᠭᠡ 9 ᠰᠢᠯᠢᠳᠡᠭ ᠪᠠᠭᠰᠢ ᠶᠢᠨ ᠲᠥᠯᠥᠭᠡᠯᠡᠭᠴᠢ ᠶᠢ ᠲᠣᠬᠤᠨᠢᠭᠤᠯᠵᠤ᠂ ᠲᠡᠳᠡᠨ ᠳᠤ ᠰᠣᠷᠭᠤᠭ ᠴᠡᠴᠡᠭ ᠪᠣᠯᠤᠨ ᠲᠣᠬᠤᠨᠢᠭᠤᠯᠬᠤ ᠮᠥᠩᠭᠦ ᠬᠦᠷᠭᠡᠪᠡ᠃ ᠳᠠᠷᠠᠭ᠎ᠠ ᠨᠢ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠨᠠᠷᠠᠲᠤ ᠪᠠᠭᠰᠢ ᠪᠦᠦ ᠰᠤ᠋ ᠬᠤᠩ ᠤᠨ ᠠᠵᠢᠯᠯᠠᠬᠤ ᠲᠠᠰᠤᠭ︾ ᠵᠢᠴᠢ ᠳᠡᠭᠡᠳᠦ ᠰᠤᠷᠭᠠᠭᠤᠯᠢ ᠶᠢᠨ ᠰᠢᠯᠢᠳᠡᠭ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠵᠦ᠂ ᠳᠡᠭᠡᠳᠦ ᠰᠤᠷᠭᠠᠭᠤᠯᠢ ᠶᠢᠨ ᠪᠥᠬᠦ ᠪᠠᠭᠰᠢ ᠠᠵᠢᠯᠲᠠᠨ ᠤ ᠰᠢᠷᠭᠠᠭᠤ ᠬᠥᠳᠡᠯᠮᠦᠷᠢ᠂ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠦᠭᠡᠳ ᠣᠯᠤᠭᠰᠠᠨ ᠡᠯᠪᠡᠭ ᠦᠷ᠎ᠡ ᠪᠦᠳᠦᠮᠵᠢ ᠶᠢ ᠨᠤᠲᠠᠯᠠᠪᠠ᠃
 HB_16303.JPG  
      ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠯᠤᠰ ᠲᠥᠷᠥ ᠶᠢᠨ ᠬᠡᠯᠲᠡᠰ ᠤᠨ ᠠᠵᠢᠯᠲᠠᠨ ᠤ ᠶᠠᠪᠤᠳᠠᠯ ᠤᠨ ᠪᠣᠯᠪᠠᠰᠤᠷᠠᠯ ᠤᠨ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠭ ᠤᠨ ᠪᠦᠷᠢᠯᠳᠦᠬᠦᠨ᠂ ᠪᠥᠬᠦ ᠪᠠᠭᠰᠢ ᠠᠵᠢᠯᠲᠠᠨ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠲᠥᠯᠥᠭᠡᠯᠡᠭᠴᠢ ᠪᠣᠯᠤᠨ ᠰᠤᠷᠭᠠᠭᠤᠯᠢ ᠳᠤ ᠪᠠᠶᠢᠭ᠎ᠠ ᠪᠥᠬᠦ ᠰᠤᠷᠤᠭᠴᠢᠳ ᠬᠤᠷᠠᠯ ᠳᠤ ᠣᠷᠣᠯᠴᠠᠵᠠᠶ᠃    
ᠢᠷᠡᠯᠲᠡ᠄ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ