ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ︽ᠬᠥᠬᠡ ᠣᠭᠲᠠᠷᠭᠤᠢ ᠶᠢᠨ ᠦᠪᠡᠳᠡᠭᠰᠢ ᠳᠠᠶᠢᠯᠠᠯᠭ᠎ᠠ︾ ᠶᠢᠨ ᠠᠵᠢᠯᠯᠠᠭ᠎ᠠ ᠳᠤ ᠬᠠᠮᠠᠭᠠᠯᠠᠯᠲᠠ ᠬᠢᠪᠡ
ᠨᠡᠶᠢᠲᠡᠯᠡᠭᠰᠡᠨ ᠴᠠᠭ᠄
2022/10/12
     8 ᠳ᠋ᠤᠭᠠᠷ ᠰᠠᠷ᠎ᠠ ᠶᠢᠨ 16  ᠤ ᠦᠳᠡ ᠶᠢᠨ ᠡᠮᠦᠨ᠎ᠡ᠂ ᠥᠪᠥᠷ ᠮᠣᠩᠭᠤᠯ·ᠦᠬᠠᠢ ᠶᠢᠨ 2022 ᠣᠨ ᠤ ︽ᠠᠭᠠᠷ ᠤᠨ ᠠᠶᠠᠯᠠᠯ ᠤᠨ ᠰᠠᠶᠢᠬᠠᠨ ᠴᠠᠭ︾ ᠦᠬᠠᠢ ᠨᠠᠭᠤᠷ ᠤᠨ ᠬᠥᠪᠡᠭᠡᠨ ᠳᠤ ᠳᠣᠩᠰᠣᠯᠤᠯ ᠭᠠᠷᠴᠤ᠂ ᠮᠠᠰᠢ ᠤᠯᠠᠨ ᠬᠤᠳᠠ ᠶᠢᠨ ᠠᠷᠠᠳ ᠪᠣᠯᠣᠨ ᠵᠤᠭᠠᠴᠠᠭᠰᠠᠳ ᠭᠤᠶᠢᠳᠠ ᠰᠠᠶᠢᠬᠠᠨ ᠨᠢᠰᠦᠯᠲᠡ ᠶᠢᠨ ᠲᠣᠭᠯᠠᠯᠲᠠ ᠳᠤ ᠲᠠᠲᠠᠭᠳᠠᠵᠤ᠂ ᠠᠵᠢᠯᠯᠠᠭᠠᠨ ᠤ ᠲᠤᠬᠠᠢ ᠶᠢᠨ ᠲᠠᠯᠠᠪᠠᠢ ᠳᠤ ᠬᠥᠳᠡᠯᠭᠡᠭᠦᠷ ᠤᠨ ᠬᠦᠩᠭᠢᠨᠡᠮ᠎ᠡ ᠳᠠᠭᠠᠤ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠬᠢᠵᠠᠭᠠᠯᠠᠰᠢ ᠦᠭᠡᠢ ᠨᠢᠰᠦᠯᠲᠡ ᠶᠢᠨ ᠷᠢᠳᠢ ᠰᠢᠳᠢ ᠶᠢ ᠮᠡᠳᠡᠷᠡᠭᠦᠯᠪᠡ᠃
微信图片_20220816175015.jpg    
      ᠲᠣᠰ ᠤᠳᠠᠭᠠᠨ ᠤ ᠠᠵᠢᠯᠯᠠᠭ᠎ᠠ ᠶᠢᠨ ᠠᠮᠤᠷ ᠲᠦᠪᠰᠢᠨ᠂ ᠤᠷᠤᠭᠰᠢᠲᠠᠢ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠷᠢᠳᠴᠢᠯᠠᠨ ᠲᠥᠯᠥᠪᠯᠡᠵᠦ᠂ ᠨᠠᠷᠢᠨ ᠨᠢᠮᠪᠠᠢ ᠪᠠᠶᠢᠷᠢᠯᠠᠭᠤᠯᠤᠨ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠷᠢᠳᠴᠢᠯᠠᠨ ᠬᠤᠷᠠᠯ ᠬᠤᠷᠠᠯᠳᠤᠭᠤᠯᠵᠤ ᠲᠤᠰᠬᠠᠢ ᠰᠡᠳᠦᠪ ᠢᠶᠠᠷ ᠰᠤᠳᠤᠯᠤᠨ ᠪᠠᠶᠢᠷᠢᠯᠠᠭᠤᠯᠵᠤ᠂ ᠠᠵᠢᠯ ᠤᠨ ᠲᠥᠰᠥᠯ ᠢ ᠨᠠᠷᠢᠨ ᠨᠢᠮᠪᠠᠢ ᠲᠤᠭᠳᠠᠭᠠᠪᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠪᠢᠨ ᠾᠧ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠰᠢᠮᠳᠠᠭᠤᠯᠤᠨ ᠬᠢᠨᠠᠬᠤ ᠰᠠᠯᠪᠤᠷᠢ ᠠᠩᠭᠢ᠂ ᠴᠢᠮᠡᠭᠡ ᠮᠡᠳᠡᠭᠡ ᠵᠢᠯᠤᠭᠤᠳᠬᠤ ᠲᠥᠪ ᠪᠠ ᠬᠠᠶᠢᠷᠤᠪ ᠤᠨ ᠲᠣᠬᠤᠢ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠡᠷᠭᠡ ᠨᠢᠭᠡᠴᠢ᠂ ᠰᠠᠯᠠᠭ᠎ᠠ ᠮᠥᠴᠢᠷ ᠤᠳ ᠡᠭᠦᠷᠭᠡ ᠶᠢᠨ ᠬᠤᠪᠢᠶᠠᠷᠢᠯᠠᠯ ᠪᠠ ᠬᠠᠷᠠᠯᠲᠠᠲᠤ ᠬᠠᠷᠢᠭᠤᠴᠠᠯᠭ᠎ᠠ ᠪᠠᠨ ᠴᠢᠩᠭ᠎ᠠ ᠵᠢᠷᠤᠮᠯᠠᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠯᠴᠠᠨ ᠬᠠᠮᠵᠢᠯᠴᠠᠨ᠂ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠪᠠ᠃
 微信图片_20220816175037.jpg  
      16 ᠤ ᠡᠳᠦᠷ ᠤᠨ ᠥᠷᠯᠥᠭᠡ ᠡᠷᠲᠡ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠡᠷᠲᠡᠬᠡᠨ ᠬᠦᠷᠴᠦ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠪᠠ᠂ ᠲᠠᠳᠠ ︽ᠴᠢᠩᠭ᠎ᠠ ᠪᠥᠭᠡᠳ ᠴᠢᠩᠭ᠎ᠠ᠂ ᠨᠠᠷᠢᠯᠢᠭ ᠪᠥᠭᠡᠳ ᠨᠠᠷᠢᠯᠢᠭ᠂ ᠪᠣᠳᠠᠲᠠᠢ ᠪᠥᠭᠡᠳ ᠪᠣᠳᠠᠲᠠᠢ︾ ᠪᠠᠶᠢᠬᠤ ᠵᠠᠷᠴᠢᠮ ᠶᠣᠰᠣᠭᠠᠷ᠂ ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠢ ᠪᠣᠯᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠠᠵᠢᠯ ᠳᠤ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠠᠶ ᠶᠢᠨ ᠠᠮᠤᠷ ᠲᠦᠪᠰᠢᠨ ᠤ ᠡᠮᠬᠢ ᠵᠢᠷᠤᠮ ᠢ ᠬᠢᠨᠠᠮᠠᠭᠠᠢ ᠬᠠᠮᠠᠭᠠᠯᠠᠵᠤ᠂ ᠦᠵᠡᠭᠴᠢᠳ ᠤᠨ ᠣᠷᠣᠨ ᠪᠦᠰᠡ ᠶᠢᠨ ᠣᠷᠣᠵᠤ ᠭᠠᠷᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠳᠤᠯᠠᠨ᠂ ᠦᠵᠡᠭᠴᠢᠳ ᠤᠨ ᠨᠢᠰᠦᠯᠲᠡ ᠶᠢᠨ ᠲᠣᠭᠯᠠᠯᠲᠠ ᠶᠢ ᠪᠣᠯᠪᠠᠰᠤᠨ ᠪᠥᠭᠡᠳ ᠡᠮᠬᠢ ᠵᠢᠷᠤᠮ  ᠲᠠᠢ ᠪᠠᠷ ᠰᠣᠨᠢᠷᠬᠠᠬᠤ ᠶᠢ ᠪᠠᠲᠤᠯᠠᠵᠤ᠂ ᠭᠢᠰᠬᠢᠯᠡᠬᠦ ᠠᠳᠡᠯ ᠭᠠᠷᠬᠤ ᠶᠢ ᠴᠢᠩᠭ᠎ᠠ ᠰᠡᠷᠭᠡᠶᠢᠯᠡᠪᠡ᠃ ᠡᠭᠦᠨ ᠤ ᠵᠡᠷᠭᠡ ᠳᠤ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠪᠠᠰᠠ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠶᠢᠨ ᠡᠷᠭᠢᠨ ᠲᠣᠭᠤᠷᠢᠨ ᠤ ᠵᠠᠮ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠠᠪᠤᠭᠤᠯᠵᠤ᠂ ᠭᠠᠳᠠᠭᠤᠷ ᠨᠢ ᠰᠠᠯᠭᠠᠬᠤ ᠶᠢᠨ ᠵᠡᠷᠭᠡ ᠳᠤ ᠲᠤᠰᠠᠭᠠᠷᠯᠠᠬᠤ ᠪᠦᠰᠡ᠂ ᠰᠡᠷᠡᠮᠵᠢ ᠶᠢᠨ ᠪᠠᠭᠠᠨ᠎ᠠ ᠪᠣᠰᠬᠠᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠶᠢᠨ ᠲᠡᠷᠭᠡ ᠬᠥᠰᠬᠡ ᠶᠢ ᠡᠮᠬᠢ ᠵᠢᠷᠤᠮ  ᠲᠠᠢ ᠪᠠᠷ ᠵᠣᠭᠰᠤᠭᠠᠬᠤ᠂ ᠣᠷᠣᠵᠤ ᠭᠠᠷᠬᠤ ᠵᠡᠷᠭᠡ ᠠᠵᠢᠯ ᠢ ᠰᠠᠶᠢᠲᠤᠷ ᠬᠢᠵᠦ᠂ ᠵᠠᠮ ᠬᠠᠷᠢᠯᠴᠠᠭᠠᠨ ᠤ ᠡᠯ᠎ᠡ ᠲᠥᠷᠥᠯ ᠤᠨ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠰᠠᠭᠠᠳ ᠦᠭᠡᠢ ᠨᠡᠪᠲᠡᠷᠡᠬᠦ ᠶᠢ ᠪᠠᠳᠤᠯᠠᠪᠠ᠃      ᠪᠦᠬᠦ ᠡᠭᠦᠷᠭᠡ ᠭᠦᠢᠴᠡᠳᠬᠡᠵᠦ ᠪᠠᠶᠢᠭ᠎ᠠ ᠠᠷᠠᠳ ᠤᠨ ᠴᠠᠭᠳᠠᠭ᠎ᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠭᠦᠷᠭᠡ ᠭᠦᠢᠴᠡᠳᠬᠡᠵᠦ ᠪᠠᠶᠢᠭ᠎ᠠ ᠠᠵᠢᠯ ᠤᠨ ᠪᠠᠶᠢᠷᠢ ᠪᠠᠨ ᠴᠢᠩᠭ᠎ᠠ ᠰᠠᠬᠢᠵᠤ᠂ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠬᠡᠨ᠂ ᠵᠠᠷᠯᠢᠭ ᠵᠢᠯᠣᠭᠤᠳᠤᠯᠭ᠎ᠠ ᠶᠢ ᠳᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠤᠬᠠᠢ ᠶᠢᠨ ᠲᠠᠯᠠᠪᠠᠶ ᠶᠢᠨ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠵᠢᠷᠤᠮ ᠢ ᠰᠠᠶᠢᠲᠤᠷ ᠬᠠᠮᠠᠭᠠᠯᠠᠨ᠂ ︽ᠠᠭᠠᠷ ᠤᠨ ᠠᠶᠠᠯᠠᠯ ᠤᠨ ᠰᠠᠶᠢᠬᠠᠨ ᠴᠠᠭ︾ ᠤᠨ ᠠᠵᠢᠯᠯᠠᠭ᠎ᠠ ᠶᠢᠨ ᠠᠮᠤᠷ ᠲᠦᠪᠰᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠳᠤᠯᠠᠪᠠ᠃     
ᠢᠷᠡᠯᠲᠡ᠄ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ