ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠷᠪᠠᠳᠠᠭᠢ ᠡᠭᠡᠯᠵᠢ ᠶᠢᠨ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/10/12
      ᠨᠠᠢᠮᠠᠨ ᠰᠠᠷ᠎ᠠ ᠶᠢᠨ ᠠᠷᠪᠠᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠦᠬᠦ ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠨ᠂ ᠶᠠᠳᠠᠷᠠᠯ ᠵᠦᠳᠡᠷᠡᠯ ᠠᠴᠠ ᠬᠠᠯᠠᠰᠢᠷᠠᠬᠤ ᠦᠭᠡᠢ ᠠᠮᠤᠷ ᠲᠦᠪᠰᠢᠨ ᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠵᠦ᠂ ᠭᠤᠷᠪᠠᠳᠤᠭᠠᠷ ᠡᠭᠡᠯᠵᠢ ᠶᠢᠨ ᠵᠤᠨ ᠤ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠤᠬᠠᠭᠤᠯᠭ᠎ᠠ ᠰᠡᠷᠭᠡᠶᠢᠯᠡᠯᠲᠡ ᠶᠢᠨ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠬᠤᠳᠠ ᠶᠢᠨ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠳᠤᠯᠠᠨ᠂ ᠠᠷᠠᠳ ᠤᠯᠠᠨ ᠤ ᠠᠮᠤᠷ ᠵᠢᠷᠭᠠᠯ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠬᠠᠮᠠᠭᠠᠯᠠᠪᠠ᠃ ᠪᠣᠳᠠᠲᠤ ᠠᠵᠢᠯᠯᠠᠭ᠎ᠠ ᠪᠠ ᠡᠯᠪᠡᠭ ᠪᠠᠶᠠᠯᠢᠭ ᠦᠷ᠎ᠡ ᠪᠦᠳᠦᠮᠵᠢ ᠪᠠᠷ ᠢᠶᠠᠨ ︽ᠠᠮᠤᠭᠤᠯᠠᠩᠳᠤ ᠦᠬᠠᠢ︾ ᠶᠢᠨ  ᠨᠡᠩ ᠭᠤᠶᠤ ᠪᠣᠯᠭᠠᠨ᠂ ᠠᠮᠤᠷ ᠲᠤᠭᠳᠠᠭᠤᠨ ᠣᠷᠴᠢᠨ ᠲᠤᠭᠤᠷᠢᠨ ᠢ ᠨᠡᠩ ᠴᠡᠪᠡᠷᠰᠢᠭᠦᠯᠪᠡ᠃
微信图片_20220913183653.jpg    
      ᠪᠥᠬᠦ ᠲᠠᠯ᠎ᠠ ᠪᠠᠷ ᠲᠣᠭᠤᠷᠢᠨ ᠪᠠᠶᠢᠴᠠᠭᠠᠬᠤ ᠶᠢ ᠪᠠᠷᠢᠮᠲᠠᠯᠠᠵᠤ᠂ ︽ᠲᠠᠪᠤᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂︽ᠴᠠᠭᠳᠠᠭᠠᠨ ᠤ ᠲᠡᠷᠭᠡ ᠶᠢ ᠣᠯᠵᠤ ᠦᠵᠡᠬᠦ᠂ ᠴᠠᠭᠳᠠᠭ᠎ᠠ ᠶᠢ ᠣᠯᠵᠤ ᠦᠵᠡᠬᠦ᠂ ᠰᠡᠷᠡᠮᠵᠢ ᠶᠢᠨ ᠳ᠋ᠧᠩ ᠢ ᠣᠯᠵᠤ ᠦᠵᠡᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠴᠠᠭᠳᠠᠭᠠᠨ ᠤ ᠬᠦᠴᠦᠨ ᠪᠠ ᠲᠡᠷᠭᠡ ᠬᠥᠰᠬᠡ ᠶᠢ ᠬᠠᠮᠤᠭ ᠤᠨ ᠶᠡᠭᠡ ᠬᠡᠮᠵᠢᠶ᠎ᠡ ᠪᠠᠷ ᠵᠡᠭᠡᠯᠢ ᠭᠤᠳᠤᠮᠵᠢ ᠳᠤ ᠬᠠᠨᠳᠤᠭᠤᠯᠤᠨ᠂ ᠭᠤᠣᠯᠳᠠᠯᠭ᠎ᠠ ᠲᠠᠢ ᠣᠷᠣᠨ ᠪᠠᠶᠢᠷᠢ᠂ ᠲᠠᠯᠠᠪᠤᠷ ᠭᠠᠵᠠᠷ᠂ ᠵᠠᠮ ᠤᠨ ᠬᠡᠰᠡᠭ᠂ ᠤᠰᠤᠨ ᠣᠷᠣᠨ᠂ ᠵᠡᠭᠡᠯᠢ ᠭᠤᠳᠤᠮᠵᠢ ᠶᠢᠨ ᠲᠣᠭᠤᠷᠢᠨ ᠴᠠᠭᠳᠠᠬᠤ ᠶᠢ ᠴᠢᠩᠭᠠᠳᠬᠠᠨ᠂ ᠵᠠᠪᠠᠯ ᠴᠠᠭᠳᠠᠬᠤ ᠱᠤᠭᠤᠮ᠂ ᠵᠠᠪᠠᠯ ᠬᠦᠷᠬᠦ ᠴᠡᠭ ᠢ ᠵᠠᠭᠠᠭᠯᠠᠨ ᠲᠣᠭᠲᠠᠭᠠᠵᠤ᠂ ᠦᠨᠡᠨ ᠬᠦ ᠲᠣᠭᠤᠷᠢᠨ ᠴᠠᠭᠳᠠᠵᠤ᠂ ᠣᠯᠠᠨ ᠲᠦᠮᠡᠨ ᠤ ︽ᠰᠥᠨᠢ ᠶᠢᠨ ᠰᠠᠬᠢᠭᠴᠢ︾ ᠪᠣᠯᠪᠠ᠃
微信图片_20220913183813.jpg  
      ᠭᠤᠷᠪᠠᠨ ᠡᠳᠦᠷ ᠤᠨ ᠬᠤᠭᠤᠴᠠᠭ᠎ᠠ ᠲᠠᠢ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠳᠤᠮᠳᠠ᠂ ᠦᠬᠠᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠭᠳᠠᠭ᠎ᠠ ᠶᠢᠨ ᠬᠦᠴᠦᠨ ᠢ 1657 ᠬᠥᠮᠥᠨ ᠤᠳᠠᠭ᠎ᠠ ᠭᠠᠷᠭᠠᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢ 7265 ᠲᠠᠶᠢᠴᠢᠯᠠᠵᠦ᠂ ᠮᠠᠰᠢᠨ ᠲᠡᠷᠭᠡ ᠶᠢ 400 ᠭᠠᠷᠤᠢ ᠤᠳᠠᠭ᠎ᠠ ᠬᠥᠳᠡᠯᠭᠡᠵᠡᠢ᠃ 6798 ᠬᠥᠮᠥᠨ ᠤᠳᠠᠭ᠎ᠠ ᠶᠢ ᠪᠠᠶᠢᠴᠠᠭᠠᠵᠤ᠂ 4417 ᠮᠠᠰᠢᠨ ᠲᠡᠷᠭᠡ ᠶᠢ ᠪᠠᠶᠢᠴᠠᠭᠠᠪᠠ᠃ 1000 ᠭᠠᠷᠤᠢ ᠭᠤᠣᠯᠳᠠᠯᠭ᠎ᠠ ᠲᠠᠢ ᠲᠠᠯᠠᠪᠤᠷ ᠭᠠᠵᠠᠷ ᠢ ᠢᠯᠭᠠᠷᠠᠭᠤᠯᠤᠨ ᠪᠠᠶᠢᠴᠠᠭᠠᠵᠤ᠂ 300 ᠭᠠᠷᠤᠢ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠪᠠ᠃ 65 ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ 19 ᠡᠷᠡᠭᠦᠦ ᠶᠢᠨ ᠬᠡᠷᠡᠭ ᠢ ᠢᠯᠡᠷᠡᠭᠦᠯᠦᠨ᠂ 14 ᠠᠷᠢᠬᠢ ᠤᠤᠭᠤᠵᠤ ᠲᠡᠷᠭᠡ ᠵᠢᠯᠣᠭᠤᠳᠤᠭᠰᠠᠨ᠂ 14 ᠰᠣᠭᠲᠣᠭᠤ ᠪᠠᠷ ᠲᠡᠷᠭᠡ ᠵᠢᠯᠣᠭᠤᠳᠤᠭᠰᠠᠨ᠂ 3 ︽ᠵᠡᠭᠡᠯᠢ ᠶᠢ ᠦᠢᠮᠡᠭᠦᠯᠦᠭᠰᠡᠨ︾ ᠠᠷᠠᠳ ᠢ ᠠᠮᠤᠷᠵᠢᠭᠤᠯᠬᠤ ᠦᠭᠡᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠪᠡ᠃ 42 ᠤᠬᠠᠭᠤᠯᠤᠨ ᠰᠡᠷᠭᠡᠶᠢᠯᠡᠬᠦ ᠴᠢᠭ᠋ ᠭᠠᠷᠭᠠᠵᠤ᠂ 4500 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 3500 ᠭᠠᠷᠤᠢ ᠬᠥᠮᠥᠨ ᠤᠳᠠᠭ᠎ᠠ ᠶᠢᠨ ᠰᠤᠷᠭᠠᠨ ᠬᠥᠮᠦᠵᠢᠯ ᠬᠦᠷᠳᠡᠪᠡ᠃ ᠦᠬᠠᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾᠂ ︽ᠬᠤᠶᠠᠷ ᠢ ᠠᠷᠢᠯᠭᠠᠨ ᠴᠡᠭᠴᠡᠯᠡᠵᠦ ᠬᠤᠶᠠᠷ ᠲᠤ ᠴᠣᠬᠢᠯᠲᠠ ᠥᠭᠬᠦ︾ ᠲᠤᠰᠬᠠᠢ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠵᠡᠭᠡᠯᠢ ᠭᠤᠳᠤᠮᠵᠢ᠂ ᠵᠠᠮ ᠤᠨ ᠬᠡᠰᠡᠭ᠂ ᠣᠷᠣᠨ ᠪᠠᠶᠢᠷᠢ᠂ ᠲᠠᠯᠠᠪᠤᠷ᠂ ᠨᠡᠪᠲᠡᠷᠡᠬᠦ ᠵᠠᠮ ᠵᠡᠷᠭᠡ ᠶᠢᠨ ︽ᠠᠮᠤᠷ ᠲᠤᠭᠳᠠᠭᠤᠨ ᠢ ᠲᠣᠭᠤᠷᠢᠨ ᠪᠠᠶᠢᠴᠠᠭᠠᠵᠤ ᠤᠬᠠᠭᠤᠯᠤᠨ ᠰᠡᠷᠭᠡᠶᠢᠯᠡᠬᠦ︾ ᠶᠢ ᠪᠦᠬᠦ ᠲᠠᠯ᠎ᠠ ᠪᠠᠷ ᠴᠢᠩᠭᠠᠳᠬᠠᠨ᠂ ᠨᠡᠶᠢᠭᠡᠮ ᠤᠨ ᠲᠠᠯ᠎ᠠ ᠶᠢ ᠰᠦᠷᠳᠡᠭᠦᠯᠬᠦ ᠬᠦᠴᠦᠨ᠂ ᠬᠠᠮᠢᠶᠠᠷᠤᠨ ᠡᠵᠡᠮᠳᠡᠬᠦ ᠬᠦᠴᠦᠨ ᠢ ᠦᠨᠡᠨ ᠬᠦ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠴᠡᠪᠡᠷᠰᠢᠭᠦᠯᠦᠨ᠂ ᠪᠦᠬᠦ ᠴᠠᠭᠳᠠᠭ᠎ᠠ ᠶᠢᠨ ︽ᠵᠦᠳᠡᠷᠡᠯ ᠤᠨ ᠵᠢᠭᠠᠯᠲᠠ ᠲᠤᠭ᠎ᠠ︾ ᠪᠠᠷ ᠠᠷᠠᠳ ᠤᠯᠠᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠵᠤ ᠠᠪᠤᠪᠠ᠃      
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ