ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠡᠯᠪᠡᠭ ᠬᠤᠷᠢᠶᠠᠯᠲᠠ ᠶᠢ ᠪᠡᠯᠭᠡᠯᠡᠵᠦ ᠦᠪᠡᠳᠡᠭᠰᠢ ᠴᠤᠭᠯᠠᠭᠠᠨ ᠢ ᠤᠭᠲᠤᠬᠤ︾ ᠪᠠᠶᠠᠨᠨᠠᠭᠤᠷ ᠤᠨ 2022 ᠣᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠠᠮᠤᠷ ᠢ ᠬᠠᠮᠠᠭᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/10/12
      9 ᠳ᠋ᠤᠭᠠᠷ ᠰᠠᠷ᠎ᠠ ᠶᠢᠨ 21 ᠤ ᠡᠳᠦᠷ᠂ ︽ᠡᠯᠪᠡᠭ ᠬᠤᠷᠢᠶᠠᠯᠲᠠ ᠶᠢ ᠪᠡᠯᠭᠡᠯᠡᠵᠦ ᠦᠪᠡᠳᠡᠭᠰᠢ ᠴᠤᠭᠯᠠᠭᠠᠨ ᠢ ᠤᠭᠲᠤᠬᠤ︾ — ᠪᠠᠶᠠᠨᠨᠠᠭᠤᠷ ᠤᠨ 2022 ᠣᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠦᠶᠤᠸᠠᠨ ᠰᠢᠶᠠᠨ ᠳᠤ ᠦᠪᠡᠳᠡᠭᠰᠢ ᠶᠡᠬᠡᠪᠡᠷ ᠶᠠᠪᠤᠭᠳᠠᠪᠠ᠃ ᠠᠵᠢᠯᠯᠠᠭ᠎ᠠ ᠶᠢᠨ ᠠᠮᠤᠷ ᠲᠥᠪᠰᠢᠨ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠢ ᠵᠣᠬᠢᠶᠠᠨ ᠪᠠᠢᠭᠤᠯᠵᠤ᠂ ᠤᠷᠢᠳᠴᠢᠯᠠᠨ ᠠᠷᠭ᠎ᠠ ᠰᠦᠪᠡᠭᠴᠢᠯᠡᠵᠦ᠂ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰ ᠤᠳᠠᠭᠠᠨ ᠤ ᠠᠮᠤᠷ ᠲᠥᠪᠰᠢᠨ ᠢ ᠬᠠᠮᠠᠭᠠᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃
微信图片_20220929121308.jpg   
      ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠶᠢᠨ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠵᠢᠴᠢ ᠵᠠᠮ ᠬᠠᠷᠢᠯᠴᠠᠭ᠎ᠠ ᠶᠢ ᠵᠢᠯᠣᠭᠤᠳᠬᠤ ᠵᠡᠷᠭᠡ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠢᠯᠯᠠᠭ᠎ᠠ ᠶᠢᠨ ᠲᠠᠯᠠᠪᠤᠷ᠂ ᠵᠠᠮ ᠱᠤᠭᠤᠮ ᠳᠤ ᠤᠷᠢᠳᠴᠢᠯᠠᠨ ᠳᠠᠬᠢᠨ ᠳᠠᠪᠲᠠᠨ ᠬᠠᠶᠢᠨ ᠪᠠᠶᠢᠴᠠᠭᠠᠯᠲᠠ ᠬᠢᠬᠦ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠴᠠᠭᠳᠠᠭᠠᠨ ᠤ ᠲᠥᠷᠥᠯ ᠢ ᠵᠣᠬᠢᠶᠠᠨ ᠪᠠᠶᠢᠭᠤᠯᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠠᠮᠤᠷ ᠢ ᠬᠠᠮᠠᠭᠠᠯᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠠᠵᠢᠯ ᠤᠨ ᠪᠡᠯᠡᠳᠬᠡᠯ ᠲᠥᠰᠦᠯ ᠢ ᠶᠠᠷᠢᠯᠴᠠᠵᠤ᠂ ᠠᠷᠭ᠎ᠠ ᠬᠡᠮᠵᠢᠶ᠎ᠡ ᠶᠢ ᠱᠠᠲᠤ ᠱᠠᠲᠤ ᠪᠠᠷ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠲᠣᠰ ᠤᠳᠠᠭᠠᠨ ᠤ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠡᠭᠦᠷᠭᠡ ᠭᠦᠢᠴᠡᠳᠬᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃
微信图片_20220929121315.jpg  
      ᠲᠣᠰ ᠤᠳᠠᠭᠠᠨ ᠤ ᠠᠮᠤᠷ ᠢ ᠬᠠᠮᠠᠭᠠᠯᠠᠬᠤ ᠠᠵᠢᠯ ᠳᠤ ᠪᠥᠬᠦ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠨᠢᠭᠡᠨᠲᠡ ᠲᠣᠭᠲᠠᠭᠠᠭᠰᠠᠨ ᠲᠥᠰᠦᠯ ᠤᠨ ᠶᠣᠰᠣᠭᠠᠷ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠨᠢᠭᠲᠠ ᠬᠠᠮᠵᠢᠯᠴᠠᠨ᠂ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠬᠠᠷᠢᠭᠤᠴᠠᠯᠭ᠎ᠠ ᠪᠠᠨ ᠭᠦᠢᠴᠡᠳᠭᠡᠨ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠬᠠᠲᠠᠭᠤ ᠠᠷᠭ᠎ᠠ ᠬᠡᠮᠵᠢᠶ᠎ᠡ ᠪᠠᠷ ᠠᠮᠤᠷ ᠢ ᠬᠠᠮᠠᠭᠠᠯᠠᠬᠤ ᠡᠯ᠎ᠡ ᠭᠤᠭᠴᠤᠭ᠎ᠠ ᠶᠢᠨ ︽ᠥᠴᠦᠬᠡᠨ ᠴᠦ ᠠᠯᠳᠠᠭ᠎ᠠ ᠦᠭᠡᠢ︾ ᠪᠠᠶᠢᠬᠤ ᠶᠢ ᠪᠡᠶᠡᠯᠡᠭᠦᠯᠵᠦ᠂ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ ᠢᠯᠡᠷᠡᠭᠦᠯᠪᠡ᠃  
ᠢᠷᠡᠯᠲᠡ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ