ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠨᠠᠮ ᠤᠨ ᠡᠭᠦᠷ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/10/16
      ᠤᠷᠴᠢᠮ ᠤᠨ ᠡᠳᠦᠷ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠨᠠᠮ ᠤᠨ ᠡᠭᠦᠷ ᠤᠨ ᠨᠠᠮ ᠤᠨ ᠬᠡᠰᠢᠭᠦᠨ ᠢᠶᠠᠨ ᠵᠣᠬᠢᠶᠠᠨ ᠪᠠᠢᠭᠤᠯᠤᠨ ᠬᠠᠷᠢᠶᠠᠲᠤ ᠣᠷᠣᠨ ᠤ ᠬᠥᠮᠦᠨ ᠠᠮᠠ ᠲᠥᠪᠯᠡᠷᠡᠭᠰᠡᠨ ᠭᠠᠵᠠᠷ ᠣᠷᠣᠨ ᠳᠤ ᠭᠦᠨᠵᠡᠭᠡᠢᠷᠡᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠤᠤᠯ ᠰᠡᠳᠦᠪᠳᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃
 微信图片_20220928152443.jpg 
      ᠠᠵᠢᠯᠯᠠᠭᠠᠨ ᠤ ᠳᠤᠮᠳᠠ᠂ ᠪᠦᠬᠦ ᠨᠠᠮ ᠤᠨ ᠭᠡᠰᠢᠭᠦᠳ ᠵᠠᠮ ᠤᠨ ᠠᠭᠤᠯᠵᠠᠷ᠂ ᠨᠡᠢᠭᠡᠮ ᠲᠣᠭᠤᠷᠢᠭ᠂ ᠠᠵᠤ ᠠᠬᠤᠢᠯᠠᠯ ᠳᠤ ᠬᠦᠷᠴᠦ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠥᠷᠨᠢᠭᠦᠯᠵᠦ᠂ ᠵᠠᠷᠯᠠᠯ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠠᠢ ᠳᠤ ᠣᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠨᠢᠭᠤᠷᠳᠠᠨ ᠳᠠᠶᠢᠯᠪᠤᠷᠢᠯᠠᠵᠤ ᠥᠭᠪᠡ᠃ ᠡᠭᠦᠨ ᠤ ᠬᠠᠮᠲᠤ᠂ ᠵᠢᠯᠣᠭᠤᠴᠢ ᠨᠠᠷ ᠲᠤ ᠬᠥᠮᠦᠨ ᠬᠡᠲᠦᠷᠡᠭᠰᠡᠨ᠂ ᠬᠡᠲᠦᠷᠡᠲᠡᠯ᠎ᠡ ᠲᠡᠭᠡᠭᠡᠪᠦᠷᠢᠯᠡᠭᠰᠡᠨ᠂ ᠬᠤᠷᠳᠤᠴᠠ ᠬᠡᠲᠦᠷᠡᠭᠰᠡᠨ᠂ ᠶᠠᠳᠠᠷᠠᠭ᠎ᠠ ᠲᠠᠢ ᠪᠠᠷ ᠲᠡᠷᠭᠡ ᠵᠢᠯᠣᠭᠤᠳᠤᠭᠰᠠᠨ ᠵᠢᠴᠢ ᠰᠤᠭᠳᠤᠭᠤ ᠪᠠᠷ ᠲᠡᠷᠭᠡ ᠵᠢᠯᠤᠭᠤᠳᠬᠤ ᠬᠦᠨᠳᠦ ᠨᠣᠴᠢᠲᠠᠢ ᠠᠵᠢᠯᠯᠠᠭ᠎ᠠ ᠶᠢᠨ ᠬᠤᠣᠷ ᠬᠥᠨᠥᠭᠡᠯᠲᠦ ᠴᠢᠨᠠᠷ ᠢ ᠲᠠᠶᠢᠯᠪᠤᠷᠢᠯᠠᠨ ᠥᠭᠴᠦ᠂ ᠵᠢᠯᠣᠭᠤᠴᠢ ᠶᠢ ᠰᠠᠨᠠᠭᠤᠯᠬᠤ ᠨᠢ ᠵᠠᠮ ᠬᠠᠷᠢᠯᠴᠠᠭᠠᠨ ᠤ ᠮᠠᠭᠤ ᠳᠠᠳᠬᠠᠯ ᠢᠶᠠᠨ ᠤᠬᠠᠮᠰᠠᠷ ᠠᠴᠠ ᠪᠠᠨ ᠬᠠᠶᠠᠵᠤ᠂ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠠᠮᠤᠷ ᠲᠦᠪᠰᠢᠨ ᠶᠠᠪᠤᠵᠤ ᠰᠠᠭᠤᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
微信图片_20220928152504.jpg  
      ᠳᠠᠷᠠᠭᠠᠴᠢ ᠶᠢᠨ ᠠᠯᠬᠤᠮ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠦᠷᠭᠦᠯᠵᠢᠯᠡᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠤᠬᠠᠭᠤᠯᠭ᠎ᠠ ᠶᠢᠨ ᠠᠷᠭ᠎ᠠ ᠵᠠᠮ ᠢᠶᠠᠨ ᠲᠠᠰᠤᠷᠠᠯᠲᠠ ᠦᠭᠡᠢ ᠥᠷᠭᠡᠳᠬᠡᠨ᠂ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠳᠦᠷᠢᠮ ᠢ ᠬᠥᠮᠦᠰ ᠤᠨ ᠳᠠᠷᠢᠬᠢᠨ ᠳᠤ ᠨᠡᠩ ᠭᠦᠨ ᠰᠠᠭᠤᠭᠳᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠭᠡᠮ ᠰᠣᠭᠤᠭ ᠢ ᠴᠡᠭᠴᠡᠯᠡᠨ ᠠᠷᠢᠯᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠭᠠᠳ ᠦᠭᠡᠢ ᠨᠡᠪᠲᠡᠷᠡᠬᠦ ᠶᠢ ᠪᠠᠳᠤᠯᠠᠬᠤ ᠪᠣᠯᠤᠨ᠎ᠠ᠃      
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ