ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠯᠢᠨ ᠾᠧ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠢᠩᠭᠢᠵᠦ ᠤᠬᠠᠭᠤᠯᠪᠠ
ᠨᠡᠶᠢᠲᠡᠯᠡᠭᠰᠡᠨ ᠴᠠᠭ᠄
2022/10/16
       9 ᠳ᠋ᠦ᠋ᠭᠡᠷ ᠰᠠᠷ᠎ᠠ ᠶᠢᠨ 5 ᠤ ᠡᠳᠦᠷ᠂ ᠪᠠᠶᠠᠨᠨᠠᠭᠤᠷ ᠬᠤᠲᠠ ᠶᠢᠨ ︽2022 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠵᠢᠩᠬᠢᠨᠢ ᠪᠠᠷ ᠡᠬᠢᠯᠡᠪᠡ︕ ᠯᠢᠨ ᠾᠧ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠢᠴᠢ ᠡᠯ᠎ᠡ ᠪᠦᠷᠢᠯᠳᠦᠬᠦᠨ ᠨᠢᠭᠡᠴᠢ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠪᠠ᠃ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠦᠵᠡᠭᠦᠯᠦᠯᠭᠡ ᠶᠢᠨ ᠰᠠᠮᠪᠠᠷ᠎ᠠ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠳᠤ ᠦᠷᠭᠦᠯᠵᠢ ᠲᠣᠬᠢᠶᠠᠯᠳᠤᠳᠠᠭ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ ᠢ ᠤᠬᠠᠭᠤᠯᠤᠭᠰᠠᠨ ᠪᠥᠭᠡᠳ ︽ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ᠂ ᠰᠦᠯᠵᠢᠶ᠎ᠡ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠭᠠᠷ ᠤᠲᠠᠰᠤᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ︾ ᠵᠡᠷᠭᠡ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠲᠤᠬᠠᠶ ᠣᠯᠠᠨ ᠲᠦᠮᠡᠨ ᠳᠤ ᠨᠢᠭᠤᠷᠲᠠᠨ ᠲᠠᠶᠢᠯᠤᠮᠵᠢ ᠬᠢᠵᠦ᠂ ᠣᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠣᠶᠢᠯᠠᠭᠠᠭᠳᠠᠬᠤᠨ ᠢ ᠤᠯᠠᠮᠵᠢᠯᠠᠪᠠ᠃ ᠠᠵᠢᠯᠯᠠᠭ᠎ᠠ ᠳᠤ᠂ ᠠᠷᠠᠳ ᠤᠨ ᠴᠠᠭᠳᠠᠭ᠎ᠠ ᠨᠡᠶᠢᠲᠡ 300 ᠭᠠᠷᠤᠶ ᠬᠤᠪᠢ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠯᠠᠪᠯᠠᠭ᠎ᠠ ᠶᠢ 100 ᠭᠠᠷᠤᠶ ᠬᠥᠮᠦᠨ ᠤᠳᠠᠭ᠎ᠠ ᠭᠥᠯᠢᠶᠡᠨ ᠠᠪᠴᠠᠶ᠃
1f49622d9241c42a59aba77528e95f0.jpg  
  
e5d47245e031ce1a620a82d29e0fa4f.jpg
      ᠤᠬᠠᠭᠤᠯᠭ᠎ᠠ ᠪᠠᠷ ᠳᠠᠮᠵᠢᠨ᠂ ᠤᠯᠠᠨ ᠲᠦᠮᠡᠨ ᠰᠦᠯᠵᠢᠶᠡᠨ ᠤ ᠣᠷᠣᠨ ᠵᠠᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠨᠡᠩ ᠭᠦᠨᠵᠡᠭᠡᠢ ᠣᠶᠢᠯᠠᠭᠠᠵᠤ᠂ ᠠᠷᠠᠳ ᠤᠯᠠᠨ ᠤ ᠰᠡᠷᠭᠡᠶᠢᠯᠡᠬᠦ ᠤᠬᠠᠮᠰᠠᠷ ᠢ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠤᠯᠪᠠ᠃    
ᠢᠷᠡᠯᠲᠡ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ