ᠬᠥᠭᠡᠷᠦᠬᠦᠨ ᠬᠡᠦᠬᠡᠳ ᠴᠠᠭᠳᠠᠭ᠎ᠠ ᠶᠢᠨ ᠬᠤᠸᠠᠷᠠᠨ ᠳᠤ ᠣᠷᠣᠵᠤ ᠪᠢᠴᠢᠬᠠᠨ ᠴᠠᠭᠳᠠᠭ᠎ᠠ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠪᠡ
ᠨᠡᠶᠢᠲᠡᠯᠡᠭᠰᠡᠨ ᠴᠠᠭ᠄
2022/10/16
      ᠬᠠᠶᠢᠯᠠᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠰᠢᠨ᠎ᠡ ᠳᠦᠷᠰᠦ ᠪᠠᠶᠢᠳᠠᠯ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠪᠦᠬᠦ ᠲᠠᠯ᠎ᠠ ᠪᠠᠷ ᠢᠯᠡᠷᠡᠭᠦᠯᠵᠦ᠂ ᠪᠢᠴᠢᠬᠠᠨ ᠨᠠᠶᠢᠵᠠ ᠨᠠᠷ ᠤᠨ ᠠᠮᠤᠷ ᠲᠦᠪᠰᠢᠨ ᠤ ᠤᠬᠠᠮᠰᠠᠷ ᠪᠣᠯᠤᠨ ᠬᠠᠤᠯᠢ ᠪᠠᠷ ᠵᠠᠰᠠᠬᠤ ᠰᠡᠳᠬᠢᠬᠦᠶ ᠶᠢ ᠴᠢᠩᠭᠠᠳᠬᠠᠪᠠ᠃ 9 ᠳ᠋ᠤᠭᠠᠷ ᠰᠠᠷ᠎ᠠ ᠶᠢᠨ 17 ᠤ ᠡᠳᠦᠷ᠂ ᠬᠠᠶᠢᠯᠠᠷ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠧᠩ ᠶᠠᠩ ᠵᠡᠭᠡᠯᠢ ᠶᠢᠨ ᠲᠣᠮᠢᠯᠠᠭᠰᠠᠨ ᠰᠠᠯᠪᠤᠷᠢ ᠨᠢᠭᠡᠨ ᠤᠳᠠᠭᠠᠨ ᠤ ᠥᠪᠡᠷᠮᠢᠴᠡ ᠣᠨᠴᠠᠯᠢᠭ ᠲᠠᠢ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠬᠦᠭᠡᠷᠦᠬᠦᠨ ᠬᠡᠤᠬᠡᠳ ᠢ ᠴᠠᠭᠳᠠᠭᠠᠨ ᠤ ᠬᠤᠸᠠᠷᠠᠨ ᠳᠤ ᠣᠷᠣᠭᠤᠯᠬᠤ︾ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠥᠷᠨᠢᠭᠦᠯᠪᠡ᠃ 40 ᠭᠠᠷᠤᠢ ᠵᠢᠶᠠᠨ ᠺᠠᠩ ᠵᠡᠭᠡᠯᠢ ᠶᠢᠨ ᠪᠠᠭ᠎ᠠ ᠰᠤᠷᠭᠠᠭᠤᠯᠢ ᠶᠢᠨ ︽ᠬᠦᠭᠡᠷᠦᠬᠦᠨᠬᠡᠥᠬᠡᠳ︾ ᠴᠠᠭᠳᠠᠭᠠᠨ ᠤ ᠬᠤᠸᠠᠷᠠᠨ ᠳᠤ ᠴᠤᠭᠯᠠᠷᠠᠵᠤ᠂ ᠬᠡᠦᠬᠡᠳ ᠤᠳ ᠪᠡᠶ᠎ᠡ ᠪᠠᠷ ᠢᠶᠠᠨ ᠴᠠᠭᠳᠠᠭ᠎ᠠ ᠶᠢᠨ ᠬᠤᠸᠠᠷᠠᠨ ᠤ ᠠᠮᠢᠳᠤᠷᠠᠯ ᠢ ᠬᠠᠶᠢᠵᠤ᠂ ᠴᠠᠭᠳᠠᠭ᠎ᠠ ᠶᠢᠨ ᠬᠤᠸᠠᠷᠠᠨ ᠤ ᠭᠠᠶᠢᠬᠠᠮᠰᠢᠭ ᠢ ᠰᠤᠨᠢᠷᠬᠠᠪᠠ᠃
1.jpg  
      ᠠᠵᠢᠯᠯᠠᠭ᠎ᠠ ᠶᠢᠨ ᠳᠤᠮᠳᠠ᠂ ᠵᠧᠩ ᠶᠠᠩ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠶᠣᠣ ᡁᠢ ᠸᠧᠨ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠡᠭᠦᠷᠭᠡ ᠴᠢᠳᠠᠪᠬᠢ ᠶᠢᠨ ᠲᠠᠨᠢᠯᠴᠠᠭᠤᠯᠭ᠎ᠠ᠂ ᠪᠣᠳᠠᠲᠤ ᠪᠣᠳᠠᠰ ᠢ ᠳᠡᠯᠭᠡᠨ ᠦᠵᠡᠭᠦᠯᠬᠦ᠂ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ᠂ ᠬᠠᠷᠢᠯᠴᠠᠨ ᠠᠰᠠᠭᠤᠯᠲᠠ ᠳᠤᠷᠠᠳᠬᠤ ᠵᠡᠷᠭᠡ ᠬᠡᠯᠪᠡᠷᠢ ᠪᠠᠷ ᠬᠥᠭᠡᠷᠦᠬᠦᠨ ᠬᠡᠤᠬᠡᠳ ᠤᠳ ᠲᠤ ᠴᠠᠭᠳᠠᠭᠠᠨ ᠤ ᠬᠤᠸᠠᠷᠠᠨ ᠤ ᠠᠮᠢᠳᠤᠷᠠᠯ ᠢ ᠳᠡᠯᠭᠡᠨ ᠦᠵᠡᠭᠦᠯᠵᠦ᠂ ᠵᠢᠶᠠᠨ ᠺᠠᠩ ᠵᠡᠭᠡᠯᠢ ᠶᠢᠨ ᠪᠠᠭ᠎ᠠ ᠰᠤᠷᠭᠠᠭᠤᠯᠢ ᠶᠢᠨ ᠬᠥᠭᠡᠷᠦᠬᠦᠨ ᠬᠡᠦᠬᠡᠳ ᠲᠤ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠠᠵᠢᠯ ᠤᠨ ᠲᠦᠷᠰᠦ ᠪᠠᠶᠢᠳᠠᠯ ᠢ ᠪᠡᠶ᠎ᠡ ᠪᠠᠷ ᠨᠢ ᠪᠡᠶᠡᠴᠢᠯᠡᠨ ᠣᠶᠢᠯᠠᠭᠠᠭᠤᠯᠪᠠ᠃
 2.jpg 
      ᠶᠣᠣ ᡁᠢ ᠸᠧᠨ ᠡᠩ ᠲᠡᠷᠢᠭᠦᠨ ᠳᠤ ᠬᠡᠦᠬᠡᠳ ᠢ ᠳᠠᠭᠠᠭᠤᠯᠤᠨ ᠬᠡᠷᠡᠭ ᠰᠢᠢᠳᠪᠦᠷᠢᠯᠡᠬᠦ ᠲᠣᠭᠤᠷᠢᠭ ᠲᠤ ᠬᠦᠷᠴᠦ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢᠨ ᠡᠳᠦᠷ ᠲᠤᠳᠤᠮ ᠤᠨ ᠬᠡᠷᠡᠭ ᠰᠢᠢᠳᠪᠦᠷᠢᠯᠡᠬᠦ ᠶᠠᠪᠤᠴᠠ ᠶᠢ ᠲᠠᠨᠢᠯᠴᠠᠭᠤᠯᠪᠠ᠃ ︽ᠡᠨᠡ ᠣᠷᠣᠨ ᠪᠦᠰᠡ ᠪᠣᠯ ᠬᠡᠷᠡᠭ ᠰᠢᠢᠳᠪᠦᠷᠢᠯᠡᠬᠦ ᠲᠣᠭᠤᠷᠢᠭ᠂ ᠡᠨᠡ ᠥᠷᠥᠭᠡ ᠪᠣᠯ ᠢᠯᠭᠠᠨ ᠲᠠᠨᠢᠬᠤ ᠲᠠᠰᠤᠭ᠂ ᠡᠨᠡ ᠲᠠᠰᠤᠭ ᠪᠣᠯ ᠰᠢᠭᠦᠨ ᠠᠰᠠᠭᠤᠬᠤ ᠲᠠᠰᠤᠭ᠂ ᠬᠠᠤᠯᠢ ᠠᠴᠠ ᠵᠥᠷᠢᠴᠡᠭᠰᠡᠨ ᠠᠯᠢᠪᠠ ᠶᠠᠯ᠎ᠠ ᠬᠢᠭᠰᠡᠨ ᠰᠡᠵᠢᠭᠳᠡᠨ ᠴᠥᠮ ᠠᠳᠡ ᠪᠡᠶ᠎ᠡ ᠶᠢᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠳᠠᠷᠠᠭ᠎ᠠ ᠨᠢ ᠴᠠᠭᠳᠠᠭ᠎ᠠ ᠶᠢᠨ ᠯᠠᠪᠯᠠᠨ ᠠᠰᠠᠭᠤᠬᠤ ᠪᠤᠶᠤ ᠰᠢᠬᠦᠨ ᠠᠰᠠᠭᠤᠬᠤ ᠶᠢ ᠬᠦᠯᠢᠶᠡᠨ᠎ᠡ ᠁︾ ᠴᠠᠭᠳᠠᠭᠠᠨ ᠤ ᠪᠠᠭᠠᠵᠢ ᠬᠡᠷᠡᠭᠰᠡᠯ ᠤᠨ ᠦᠵᠡᠭᠦᠯᠭᠡ ᠶᠢᠨ ᠲᠣᠭᠤᠷᠢᠭ ᠲᠤ ᠶᠣᠣ ᡁᠢ ᠸᠧᠨ ᠬᠡᠤᠬᠡᠳ ᠤᠳ ᠲᠤ ᠭᠠᠭᠴᠠ ᠴᠠᠭᠳᠠᠭ᠎ᠠ ᠶᠢᠨ ᠵᠡᠪᠰᠡᠭ ᠲᠣᠨᠣᠭᠯᠠᠯ ᠤᠨ︽ᠨᠠᠢᠮᠠᠨ ᠢᠵᠢ︾ ᠬᠡᠷᠡᠭᠴᠡᠭᠡ᠂ ᠬᠡᠷᠡᠭᠯᠡᠬᠦ ᠠᠷᠭ᠎ᠠ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠮᠡᠳᠡᠯᠭᠡ ᠶᠢ ᠲᠠᠨᠢᠯᠴᠠᠭᠤᠯᠤᠨ ᠳᠡᠯᠭᠡᠨ ᠦᠵᠡᠭᠦᠯᠵᠦ᠂ ︽ᠭᠠᠪᠠ ᠶᠢ ᠢᠩᠭᠢᠵᠦ ᠬᠡᠷᠡᠭᠯᠡᠬᠦ︾᠂ ︽ᠴᠠᠭᠳᠠᠭᠠᠨ ᠤ ᠪᠣᠷᠣᠣᠬᠠᠢ ᠶᠢᠨ ᠰᠡᠷᠭᠡᠶᠢᠯᠡᠯᠲᠡ ᠶᠢᠨ ᠠᠷᠭ᠎ᠠ ᠮᠠᠶ᠋ᠢᠭ ᠁ ᠨᠢᠯᠪᠤᠰᠤᠲᠤᠭᠤᠯᠬᠤ ᠰᠦᠷᠴᠢᠭᠦᠷ ᠬᠡᠷᠡᠭᠯᠡᠪᠡᠯ ᠰᠠᠯᠬᠢᠨ ᠳᠡᠭᠡᠷ᠎ᠡ ᠵᠣᠭᠰᠣᠬᠤ ᠁︾ ᠭᠡᠵᠦ ᠪᠢᠴᠢᠬᠠᠨ ᠨᠠᠶᠢᠵᠠ ᠨᠠᠷ ᠲᠤ ᠭᠠᠪᠠ᠂ ᠴᠠᠭᠳᠠᠭᠠᠨ ᠪᠤᠷᠤᠤᠬᠠᠢ᠂ ᠳᠡᠯᠪᠡᠷᠡᠯᠲᠡ ᠶᠢ ᠰᠡᠷᠭᠡᠶᠢᠯᠡᠬᠦ ᠪᠠᠮᠪᠠᠢ ᠵᠡᠷᠭᠡ ᠶᠢ ᠲᠠᠶᠢᠯᠪᠤᠷᠢᠯᠠᠵᠤ ᠥᠭᠪᠡ᠃
3.jpg   
      ᠲᠣᠭᠤᠷᠢᠨ ᠦᠵᠡᠬᠦ ᠭᠤᠭᠴᠤᠭ᠎ᠠ ᠳᠠᠭᠤᠰᠤᠭᠰᠠᠨ ᠤ ᠳᠠᠷᠠᠭ᠎ᠠ᠂ ᠶᠣᠣ ᡁᠢ ᠸᠧᠨ ᠪᠠᠰᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠵᠡᠷᠭᠡ ᠮᠡᠳᠡᠯᠭᠡ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠲᠠᠶᠢᠯᠪᠤᠷᠢᠯᠠᠨ ᠶᠠᠷᠢᠵᠤ᠂ ᠬᠡᠤᠬᠡᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠬᠥᠭᠡᠷᠦᠬᠦᠨ ᠬᠡᠦᠬᠡᠳ ᠲᠠᠢ ᠭᠠᠷ ᠬᠤᠯᠪᠣᠨ ᠡᠷᠡᠭᠦᠯ ᠮᠡᠨᠳᠦ ᠶᠢᠨ ᠰᠤᠷᠭᠠᠭᠤᠯᠢ ᠶᠢᠨ ᠬᠦᠷᠢᠶᠡᠨ ᠤ ︽ᠠᠮᠤᠷ ᠲᠦᠪᠰᠢᠨ ᠤ ᠬᠡᠷᠡᠮ︾ ᠢ ᠴᠣᠭᠴᠠᠯᠠᠪᠠ᠃ ᠶᠣᠣ ᡁᠢ ᠸᠧᠨ ᠱᠤᠭ ᠶᠦᠮᠦᠷᠯᠢᠭ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠢᠯᠡᠷᠡᠯ ᠤᠨ ᠬᠡᠯᠪᠡᠷᠢ ᠵᠢᠴᠢ ᠬᠤᠤᠷ ᠬᠥᠨᠥᠭᠡᠯᠲᠦ ᠴᠢᠨᠠᠷ ᠢ ᠲᠠᠨᠢᠯᠴᠠᠭᠤᠯᠵᠤ᠂ ᠬᠡᠦᠭᠡᠳ ᠤᠨ ᠦᠵᠡᠵᠦ ᠰᠣᠨᠢᠷᠬᠠᠬᠤ ᠳᠤᠷᠠᠲᠠᠶ ︽ᠲᠣᠮᠣ ᠪᠠᠭᠠᠲᠤᠷ︾᠂ ︽ᠲᠠᠷᠭᠤᠨ ᠪᠠᠷᠰ︾ ᠤᠨ ᠥᠯᠢᠭᠡᠷ ᠢ ᠠᠰᠢᠭᠯᠠᠨ᠂ ︽ᠶᠠᠭᠤ ᠨᠢ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠪᠣᠯᠤᠭᠰᠠᠨ ᠨᠥᠯᠥᠭᠡ︾ ᠵᠢᠴᠢ ︽ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠲᠣᠬᠢᠶᠠᠯᠳᠤᠪᠠᠯ ᠶᠠᠭᠠᠬᠢᠬᠤ ᠪᠣᠶ︾ ᠵᠡᠷᠭᠡ ᠠᠰᠠᠭᠤᠳᠠᠯ ᠢ ᠶᠠᠷᠢᠵᠤ᠂ ᠠᠷᠠᠳ ᠤᠨ ᠴᠠᠭᠳᠠᠭ᠎ᠠ ᠪᠣᠯᠤᠨ ᠬᠡᠤᠬᠡᠳ ᠲᠠᠢ ᠲᠤᠬᠠᠶ ᠶᠢᠨ ᠲᠠᠯᠠᠪᠤᠷ ᠲᠤ ᠬᠠᠷᠢᠯᠴᠠᠵᠤ᠂ ᠴᠢ ᠨᠠᠳᠠ ᠠᠴᠠ ᠠᠰᠠᠭᠤᠯᠲᠠ ᠠᠰᠠᠭᠤᠪᠠᠯ ᠪᠢ ᠬᠠᠷᠢᠭᠤᠯᠬᠤ᠂ ᠲᠤᠬᠠᠶ ᠶᠢᠨ ᠲᠠᠯᠠᠪᠤᠷ ᠲᠤ ᠬᠡᠤᠬᠡᠳ ᠤᠳ ᠤᠨ ᠨᠢᠵᠢᠭᠢᠨᠡᠲᠡᠯ᠎ᠡ ᠠᠯᠠᠭ᠎ᠠ ᠲᠠᠰᠢᠬᠤ ᠳᠠᠭᠤᠨ ᠨᠢᠵᠢᠭᠢᠨᠡᠪᠡ᠃  
ᠢᠷᠡᠯᠲᠡ᠄ ᠬᠦᠯᠦᠨ ᠪᠤᠶᠢᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ