ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠪᠡᠶ᠎ᠡ ᠲᠠᠮᠢᠷ ᠤᠨ ᠬᠥᠳᠡᠯᠭᠡᠭᠡᠨ ᠢ ᠬᠥᠭᠵᠢᠭᠦᠯᠵᠦ ᠠᠷᠠᠳ ᠲᠦᠮᠡᠨ ᠤ ᠪᠡᠶ᠎ᠡ ᠮᠠᠬᠠᠪᠤᠳ ᠢ ᠴᠢᠭᠢᠷᠠᠭᠵᠢᠭᠤᠯᠬᠤ︾ ᠰᠣᠨᠢᠷᠬᠠᠯᠳᠤ ᠪᠡᠶ᠎ᠡ ᠶᠢᠨ ᠲᠠᠮᠢᠷ ᠤᠨ ᠬᠦᠳᠡᠯᠬᠡᠬᠡᠨ ᠵᠢᠴᠢ ᠤᠯᠠᠭᠠᠨᠮᠥ᠋ᠴᠢᠷ ᠤᠨ ᠲᠣᠬᠤᠨᠢᠭᠤᠯᠬᠤ ᠲᠣᠭᠯᠠᠯᠲᠠ ᠡᠷᠬᠢᠯᠡᠪᠡ
ᠨᠡᠶᠢᠲᠡᠯᠡᠭᠰᠡᠨ ᠴᠠᠭ᠄
2022/10/16
      8 ᠰᠠᠷ᠎ᠠ ᠶᠢᠨ 24 ᠤ ᠡᠳᠦᠷ᠂ ᠪᠦᠬᠦ ᠴᠠᠭᠳᠠᠭ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠴᠠᠭᠳᠠᠭ᠎ᠠ ᠶᠢᠨ ᠡᠩᠨᠡᠭᠡ ᠳᠤ ᠲᠤᠭ ᠣᠯᠭᠤᠬᠤ ᠶᠣᠰᠣᠯᠠᠯ ᠳᠡᠭᠡᠷᠡᠬᠢ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠪᠣᠯᠣᠨ ᠤᠯᠠᠭᠠᠨᠮᠥ᠋ᠴᠢᠷ ᠲᠤ ᠴᠢᠭᠯᠡᠭᠦᠯᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠠᠲᠤ ᠴᠡᠭᠡᠵᠢᠯᠡᠭᠦᠯᠬᠦ᠂ ᠥᠷᠭᠡᠨ ᠤᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠶᠠᠭᠠᠷᠠᠯᠲᠠᠢ ᠠᠵᠢᠯ ᠤᠨ ᠴᠢᠯᠦᠭᠡ ᠪᠠᠷ ᠢᠶᠠᠨ ᠪᠡᠶ᠎ᠡ ᠰᠡᠳᠬᠢᠯ ᠢᠶᠠᠨ ᠲᠠᠶᠢᠪᠤᠷᠢᠰᠢᠭᠤᠯᠬᠤ᠂ ᠠᠵᠢᠯ ᠤᠨ ᠳᠠᠷᠤᠯᠲᠠ ᠶᠢ ᠨᠢ ᠬᠦᠩᠭᠡᠯᠡᠬᠦ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠪᠡᠶ᠎ᠡ ᠲᠠᠮᠢᠷ ᠤᠨ ᠬᠥᠳᠡᠯᠭᠡᠭᠡᠨ ᠢ ᠬᠥᠭᠵᠢᠭᠦᠯᠵᠦ ᠠᠷᠠᠳ ᠲᠦᠮᠡᠨ ᠤ ᠪᠡᠶ᠎ᠡ ᠮᠠᠬᠠᠪᠤᠳ ᠢ ᠴᠢᠭᠢᠷᠠᠭᠵᠢᠭᠤᠯᠬᠤ︾ ᠰᠣᠨᠢᠷᠬᠠᠯᠳᠤ ᠪᠡᠶ᠎ᠡ ᠶᠢᠨ ᠲᠠᠮᠢᠷ ᠤᠨ ᠬᠥᠳᠡᠯᠭᠡᠭᠡᠨ ᠵᠢᠴᠢ ᠤᠯᠠᠭᠠᠨᠮᠥ᠋ᠴᠢᠷ ᠤᠨ ᠲᠣᠬᠤᠨᠢᠭᠤᠯᠬᠤ ᠲᠣᠭᠯᠠᠯᠲᠠ ᠡᠷᠬᠢᠯᠡᠪᠡ᠃
01.jpg  
     ᠬᠥᠳᠡᠯᠭᠡᠭᠡᠨ ᠨᠢ ᠳᠡᠭᠡᠰᠦ ᠲᠠᠲᠠᠬᠤ ᠤᠷᠤᠯᠳᠤᠭᠠᠨ ᠢᠶᠠᠷ ᠳᠠᠮᠵᠢᠨ ᠬᠥᠰᠢᠭᠡ ᠪᠠᠨ ᠰᠡᠬᠦᠵᠦ᠂ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠤᠨ ᠴᠤᠭ ᠵᠢᠪᠬᠤᠭ᠎ᠠ᠂ ᠣᠮᠤᠭ ᠰᠦᠷ ᠪᠠᠳᠠᠷᠠᠩᠭᠤᠢ ᠪᠠᠶᠢᠵᠤ᠂ ︽ᠬᠠᠮᠲᠤ ᠶᠢᠨ ᠳᠡᠭᠡᠰᠦ ᠦᠰᠦᠷᠬᠦ︾ ︽ᠨᠠᠢᠮᠠᠯᠵᠢ ᠪᠥᠮᠪᠦᠭᠡ ᠵᠠᠯᠠᠬᠤ︾ ︽ᠪᠥᠮᠪᠦᠭᠡ ᠲᠤᠯᠵᠤ ᠭᠦᠶᠦᠬᠦ︾ ᠵᠡᠷᠭᠡ ᠤᠷᠤᠯᠳᠤᠭᠠᠨ ᠤ ᠵᠦᠢᠯ ᠨᠢ ᠣᠯᠠᠨ ᠳᠤ ᠪᠠᠶᠠᠷ ᠪᠠᠶᠠᠰᠤᠯ ᠠᠪᠴᠢᠷᠠᠬᠤ ᠶᠢᠨ ᠬᠠᠮᠲᠤ᠂ ᠬᠠᠮᠲᠤ ᠨᠡᠶᠢᠲᠠ ᠶᠢᠨ ᠬᠤᠭᠤᠷᠣᠨᠳᠣᠬᠢ ᠪᠦᠯᠬᠦᠮᠳᠡᠨ ᠬᠠᠮᠵᠢᠯᠴᠠᠬᠤ ᠴᠢᠳᠠᠪᠤᠷᠢ ᠶᠢ ᠴᠤ ᠰᠢᠯᠭᠠᠭᠰᠠᠨ ᠪᠠᠶᠢᠨ᠎ᠠ᠃ ᠤᠯᠠᠨ ᠢᠶᠠᠷ ᠢᠶᠠᠨ ᠤᠷᠤᠯᠳᠤᠭᠠᠨ ᠤ ᠲᠠᠯᠠᠪᠤᠷ ᠲᠤ ᠪᠦᠬᠦ ᠬᠦᠴᠦᠨ ᠢᠶᠠᠷ ᠢᠶᠠᠨ ᠲᠡᠮᠡᠴᠡᠵᠦ᠂ ᠬᠠᠮᠲᠤ ᠨᠡᠶᠢᠲᠠ ᠶᠢᠨ ᠬᠠᠮᠵᠢᠯᠴᠠᠬᠤ ᠵᠣᠷᠢᠭ ᠰᠠᠨᠠᠭ᠎ᠠ ᠶᠢ ᠪᠦᠷᠢᠨ ᠭᠦᠢᠴᠡᠳ ᠢᠯᠡᠷᠡᠭᠦᠯᠪᠡ᠃
02.jpg  
      ᠪᠡᠶ᠎ᠡ ᠶᠢᠨ ᠲᠠᠮᠢᠷ ᠤᠨ ᠤᠷᠤᠯᠳᠤᠭᠠᠨ ᠳᠠᠭᠤᠰᠤᠭᠰᠠᠨ ᠤ ᠲᠠᠷᠠᠭ᠎ᠠ᠂ ᠪᠥᠬᠦ ᠴᠠᠭᠳᠠᠭ᠎ᠠ ᠵᠢᠷᠭᠠᠬᠤ ᠨᠡᠷᠡᠨ ᠤ ᠤᠯᠠᠪᠢᠷ ᠲᠤᠶᠠᠭᠠᠨ ᠳᠣᠣᠷ᠎ᠠ᠂ ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠶᠢᠨ ᠬᠢᠨ ᠦᠨᠳᠦᠰᠦᠨ ᠱᠠᠲᠤ᠂ ᠨᠢᠭᠡᠳᠦᠭᠡᠷ ᠹᠷᠣᠨᠲ ᠲᠤ ᠰᠢᠷᠭᠠᠭᠤ ᠬᠠᠲᠠᠭᠤᠵᠢᠯᠲᠠᠢ ᠲᠡᠮᠡᠴᠡᠵᠦ ᠪᠠᠶᠢᠭ᠎ᠠ ᠪᠥᠬᠦ ᠴᠠᠭᠳᠠᠭ᠎ᠠ ᠳᠤ ᠲᠣᠪᠴᠢᠶᠠᠨ ᠤ ᠨᠠᠮ ᠤᠨ ᠬᠤᠷᠢᠶ᠎ᠠ ᠶᠢᠨ ᠬᠠᠯᠠᠮᠵᠢᠯᠠᠯ ᠪᠠ ᠮᠡᠨᠳᠦᠴᠢᠯᠡᠯ᠂ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠠᠪᠴᠢᠷᠠᠨ ᠥᠭᠴᠡᠢ᠃
05.jpg  
      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ︽ᠪᠠᠶᠠᠷ ᠬᠥᠷ ᠲᠠᠢ ᠠᠵᠢᠯᠯᠠᠵᠤ᠂ ᠵᠣᠯ ᠵᠢᠷᠭᠠᠯᠲᠠᠢ ᠠᠮᠢᠳᠤᠷᠠᠬᠤ︾ ᠴᠠᠭᠳᠠᠭᠠᠨ ᠤ ᠬᠤᠸᠠᠷᠠᠨ ᠤ ᠠᠭᠤᠷ ᠠᠮᠢᠰᠬᠤᠯ ᠢ ᠪᠣᠶ ᠪᠣᠯᠭᠠᠵᠤ᠂ ᠡᠩᠨᠡᠭᠡ ᠶᠢᠨ ᠲᠥᠪᠯᠡᠩᠭᠦᠶ ᠬᠦᠴᠦᠨ᠂ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠵᠦᠢᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠪᠠ᠃    
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ