ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠤᠤᠷ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2022/10/16
      ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠪᠠ ᠰᠤᠷᠭᠠᠭᠤᠯᠢ ᠶᠢᠨ ᠬᠦᠷᠢᠶᠡᠨ ᠤ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠲᠠᠢ ᠤᠶᠠᠯᠳᠤᠭᠤᠯᠤᠨ᠂ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠷᠢᠳᠴᠢᠯᠠᠨ ᠲᠥᠰᠦᠪᠯᠡᠨ ᠪᠠᠶᠢᠷᠢᠯᠠᠭᠤᠯᠵᠤ᠂ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠳᠠᠯᠠᠨ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ︾ ᠲᠤᠰᠬᠠᠶ ᠠᠵᠢᠯ ᠢ ᠦᠷᠭᠦᠯᠵᠢᠯᠡᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠤᠤᠷ ᠢ ᠦᠨᠡᠨ ᠬᠦ ᠪᠠᠬᠢᠵᠢᠭᠦᠯᠵᠦ᠂ ᠪᠥᠬᠦ ᠬᠤᠰᠢᠭᠤᠨ ᠤ ᠰᠤᠷᠭᠠᠭᠤᠯᠢ ᠡᠬᠢᠯᠡᠬᠦ ᠬᠤᠭᠤᠴᠠᠭᠠᠨ ᠤ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠳᠤᠯᠠᠪᠠ᠃
A21A1787.JPG    
A21A2025.JPG
      ᠥᠷᠭᠡᠨ ᠣᠯᠠᠨ ᠪᠠᠭᠰᠢ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ︽ᠰᠤᠷᠭᠠᠭᠤᠯᠢ ᠡᠬᠢᠯᠡᠬᠦ ᠤᠯᠠᠷᠢᠯ︾ ᠢᠶᠠᠷ ᠠᠵᠠ ᠲᠣᠬᠢᠶᠠᠯ ᠪᠤᠯᠭᠠᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠢᠭᠤᠯᠵᠤ ᠰᠤᠷᠭᠠᠭᠤᠯᠢ ᠳᠤ ᠭᠦᠨᠵᠡᠭᠡᠶᠢᠷᠡᠭᠦᠯᠦᠨ᠂ ᠠᠮᠤᠷ ᠲᠦᠪᠰᠢᠨ ᠤ ᠨᠢᠭᠡᠳᠦᠭᠡᠷ ᠬᠢᠴᠢᠶᠡᠯ ᠢ ᠰᠠᠶᠢᠨ ᠭᠦᠢᠴᠡᠳᠭᠡᠵᠦ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢ ᠪᠣᠯᠤᠨ ᠠᠮᠤᠷ ᠢ ᠬᠠᠮᠠᠭᠠᠯᠠᠬᠤ ᠠᠵᠢᠯᠲᠠᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠢ ᠥᠷᠭᠡᠨ ᠢᠶᠠᠷ ᠤᠬᠠᠭᠤᠯᠤᠨ ᠲᠠᠶᠢᠯᠪᠤᠷᠢᠯᠠᠪᠠ᠃ ᠮᠡᠬᠡᠯᠡᠯ ᠢ ᠰᠡᠷᠭᠡᠶᠢᠯᠡᠬᠦ᠂ ᠬᠤᠯᠠᠭᠠᠶ ᠳᠡᠭᠡᠷᠡᠮ ᠢ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠬᠤᠣᠷ ᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠶᠢ ᠥᠷᠭᠡᠨ ᠢᠶᠠᠷ ᠲᠠᠶᠢᠯᠪᠤᠷᠢᠯᠠᠨ ᠥᠭᠴᠦ᠂ ᠥᠷᠭᠡᠨ ᠣᠯᠠᠨ ᠰᠤᠷᠤᠭᠴᠢᠳ ᠤᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ᠥᠪᠡᠷ ᠢ ᠪᠠᠨ ᠬᠠᠮᠠᠭᠠᠯᠠᠬᠤ ᠪᠠ ᠭᠡᠨᠡᠳᠲᠡ ᠶᠢᠨ ᠠᠮᠤᠷ ᠲᠦᠪᠰᠢᠨ ᠤ ᠠᠳᠡᠯ ᠢ ᠠᠷᠭᠠᠴᠠᠬᠤ ᠴᠢᠳᠠᠪᠤᠷᠢ ᠶᠢ ᠨᠡᠮᠡᠭᠳᠡᠭᠦᠯᠵᠦ᠂ ᠰᠠᠶᠢᠨ ᠰᠠᠶᠢᠬᠠᠨ ︽ᠰᠤᠷᠤᠯᠴᠠᠬᠤ ᠠᠷᠭ᠎ᠠ︾ ᠵᠢᠴᠢ ︽ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ︾ ᠰᠤᠷᠭᠠᠭᠤᠯᠢ ᠶᠢᠨ ᠬᠦᠷᠢᠶᠡᠨ ᠤ ᠠᠭᠤᠷ ᠠᠮᠢᠰᠬᠤᠯ ᠪᠣᠢ ᠪᠣᠯᠭᠠᠨ᠂ ᠰᠤᠷᠭᠠᠭᠤᠯᠢ ᠶᠢᠨ ᠬᠦᠷᠢᠶᠡᠨ ᠤ ᠳᠣᠲᠣᠭᠠᠳᠤ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃    
ᠢᠷᠡᠯᠲᠡ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ