ᠵᠡᠭᠦᠨ ᠦᠵᠦᠮᠦᠴᠢᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠰᠤ ᠰᠢᠭᠤᠷᠭᠠᠨ ᠳᠤ ᠣᠯᠠᠨ ᠲᠦᠮᠡᠨ ᠤ ᠠᠶᠤᠯ ᠦᠭᠡᠢ ᠰᠠᠭᠠᠳ ᠦᠭᠡᠢ ᠨᠡᠪᠳᠡᠷᠡᠬᠦ​ ᠶᠢ ᠦᠨᠡᠨ ᠬᠦ ᠪᠠᠳᠤᠯᠠᠪᠠ
ᠨᠡᠶᠢᠲᠡᠯᠡᠭᠰᠡᠨ ᠴᠠᠭ᠄
2022/10/17
      ᠵᠠᠮ ᠬᠠᠷᠢᠯᠴᠠᠭᠠᠨ ᠤ ᠠᠮᠤᠷ ᠲᠦᠪᠰᠢᠨ ᠨᠡᠪᠲᠡᠷᠡᠬᠦ ᠶᠢ ᠦᠨᠡᠨ ᠬᠦ ᠪᠠᠳᠤᠯᠠᠬᠤ᠂ ᠪᠣᠷᠣᠭᠠᠨ ᠴᠠᠰᠤ ᠲᠠᠢ ᠴᠠᠭ ᠠᠭᠤᠷ ᠤᠨ ᠵᠠᠮ ᠬᠠᠷᠢᠯᠴᠠᠭᠠᠨ ᠤ ᠠᠳᠠᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠶᠢᠨ ᠲᠤᠰᠠᠳᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠴᠠᠰᠤ ᠪᠠᠷ ᠵᠠᠷᠯᠢᠭ ᠪᠣᠯᠭᠠᠨ᠂ ᠴᠠᠭᠳᠠᠭᠠᠨ ᠤ ᠬᠦᠴᠦᠨ ᠢᠶᠠᠨ ᠨᠢᠭᠡᠳᠦᠭᠡᠷ ᠹᠷᠣᠨᠲ ᠲᠤ ᠲᠣᠬᠢᠷᠠᠭᠤᠯᠵᠤ᠂ ᠭᠤᠣᠯ ᠵᠠᠮ ᠤᠨ ᠠᠭᠤᠯᠵᠠᠷ᠂ ᠵᠠᠮ ᠤᠨ ᠬᠡᠰᠡᠭ ᠲᠤ ᠵᠢᠵᠢᠭᠦᠷᠯᠡᠨ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠥᠲᠥᠯᠥᠨ ᠵᠢᠯᠣᠭᠤᠳᠴᠤ ᠰᠠᠭᠠᠳ ᠦᠭᠡᠢ ᠨᠡᠪᠲᠡᠷᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠪᠡ᠃ ᠴᠠᠰᠤ ᠰᠢᠭᠤᠷᠭᠠᠨ ᠳᠤ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠠᠬᠢᠷ ᠬᠦᠢᠲᠡᠨ ᠢ ᠬᠠᠶᠢᠬᠤᠷᠤᠯ ᠦᠭᠡᠢ ᠪᠠᠷ ᠨᠠᠭᠠᠰᠢ ᠴᠠᠭᠠᠰᠢ ᠶᠠᠪᠤᠬᠤ ᠲᠡᠷᠭᠡ ᠬᠥᠰᠬᠡ ᠶᠢ ᠵᠢᠯᠣᠭᠤᠳᠴᠤ ᠡᠮᠬᠢ ᠵᠢᠷᠤᠮ ᠲᠠᠢ ᠪᠠᠷ ᠥᠩᠭᠡᠷᠡᠭᠦᠯᠬᠦ ᠶᠢᠨ ᠬᠠᠮᠲᠤ᠂ ᠵᠢᠯᠣᠭᠤᠴᠢ ᠳᠤ ᠬᠤᠷᠳᠤᠴᠠ ᠪᠠᠨ ᠤᠳᠠᠭᠠᠰᠢᠷᠠᠭᠤᠯᠵᠤ᠂ ᠠᠮᠤᠷ ᠲᠦᠪᠰᠢᠨ ᠢ ᠪᠠᠲᠤᠯᠠᠬᠤ ᠶᠢ ᠰᠠᠨᠠᠭᠤᠯᠵᠠᠢ᠃
1.jpg  
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠳᠤ ︽ᠲᠠ ᠰᠠᠶᠢᠨ ᠤᠤ︕ ᠠᠮᠠᠪᠴᠢ ᠪᠠᠨ ᠰᠠᠶᠢᠲᠤᠷ ᠵᠡᠭᠦᠵᠦ᠂ ᠠᠶᠠᠯᠠᠯ ᠤᠨ ᠺᠠᠷᠲ᠂ ᠡᠷᠡᠭᠦᠯ ᠮᠡᠨᠳᠦ ᠶᠢᠨ ᠺᠣᠳ᠋᠂ 48 ᠴᠠᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠭᠠᠷᠭᠠᠵᠤ᠂ ᠳᠤᠮᠳᠠ ᠥᠨᠳᠥᠷ ᠲᠦᠭᠰᠢᠭᠦᠷᠢᠲᠡᠢ ᠭᠠᠵᠠᠷ ᠣᠷᠣᠨ ᠠᠴᠠ ᠢᠷᠡᠭᠰᠡᠨ ᠡᠰᠡᠬᠦ ᠪᠠᠨ ᠪᠠᠶᠢᠴᠠᠭᠠᠨ ᠦᠵᠡᠭᠦᠯᠵᠦ᠂ ᠬᠥᠮᠦᠨ ᠪᠤᠯᠤᠨ ᠲᠡᠷᠭᠡ ᠶᠢᠨ ᠮᠡᠳᠡᠭᠡ ᠵᠠᠩᠭᠢ ᠶᠢ ᠪᠠᠨᠳᠠᠩᠰᠠᠯᠠᠭᠤᠯᠤᠭᠠᠷᠠᠢ︾᠂ ︽ᠲᠠ ᠬᠠᠮᠵᠢᠯᠴᠠᠨ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠭᠡᠷᠡᠢ︾᠂ ︽ᠠᠭᠠᠵᠢᠭᠤ ᠶᠠᠪᠤᠭᠠᠷᠠᠢ᠂ ᠠᠮᠤᠷ ᠲᠦᠪᠰᠢᠨ ᠢ ᠠᠩᠬᠠᠷᠤᠭᠠᠷᠠᠢ︕︾ ᠭᠡᠵᠦ ᠠᠷᠠᠳ ᠤᠨ ᠴᠠᠭᠳᠠᠭ᠎ᠠ ︽ᠲᠡᠷᠭᠡ ᠲᠠᠭᠠᠷᠠᠪᠠᠯ ᠵᠠᠪᠠᠯ ᠪᠠᠶᠢᠴᠠᠭᠠᠵᠤ᠂ ᠬᠥᠮᠦᠨ ᠲᠠᠭᠠᠷᠠᠪᠠᠯ ᠵᠠᠪᠠᠯ ᠪᠠᠶᠢᠴᠠᠭᠠᠬᠤ︾ ᠱᠠᠭᠠᠷᠳᠠᠯᠭ᠎ᠠ ᠶᠣᠰᠣᠭᠠᠷ᠂ ᠵᠡᠭᠦᠨ ᠦᠵᠦᠮᠦᠴᠢᠨ ᠬᠤᠰᠢᠭᠤᠨ ᠳᠤ ᠣᠷᠣᠵᠤ ᠢᠷᠡᠭᠰᠡᠨ ᠲᠡᠷᠭᠡ ᠪᠣᠯᠤᠨ ᠬᠥᠮᠦᠰ ᠢ ᠪᠠᠶᠢᠴᠠᠭᠠᠨ ᠬᠢᠨᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ᠂ ᠨᠢᠭᠡ ᠲᠡᠷᠭᠡ ᠶᠢ ᠴᠦ ᠭᠡᠭᠡᠭᠳᠡᠭᠦᠯᠬᠦ ᠦᠭᠡᠢ ᠪᠠᠶᠢᠬᠤ ᠶᠢ ᠦᠨᠡᠨ ᠬᠦ ᠪᠡᠶᠡᠯᠡᠭᠦᠯᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠰᠠᠶᠢᠲᠤᠷ ᠰᠠᠬᠢᠪᠠ᠃
3.jpg  
      ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠤᠯᠢᠶᠠᠰᠤᠲᠠᠢ ᠪᠠᠯᠭᠠᠰᠤ ᠶᠢᠨ ᠲᠣᠮᠢᠯᠠᠭᠰᠠᠨ ᠰᠠᠯᠪᠤᠷᠢ ᠶᠢᠨ ᠰᠣᠷᠭᠠᠭᠤᠯᠢ ᠬᠠᠮᠠᠭᠠᠯᠠᠬᠤ ᠠᠵᠢᠯ ᠤᠨ ᠪᠠᠶᠢᠷᠢ ᠶᠢᠨ ᠠᠷᠠᠳ ᠤᠨ ᠴᠠᠭᠳᠠᠭ᠎ᠠ ᠣᠳᠣ ᠶᠠᠭ ᠲᠡᠷᠭᠡ ᠤᠨᠤᠭ᠎ᠠ ᠰᠦᠯᠵᠢᠯᠳᠦᠵᠦ᠂ ᠰᠤᠷᠤᠭᠴᠢ ᠪᠠᠨ ᠲᠣᠰᠬᠤ ᠪᠠᠷ ᠢᠷᠡᠭᠰᠡᠨ ᠭᠡᠷ ᠤᠨ ᠠᠬᠠᠮᠠᠳ ᠪᠣᠯᠤᠨ ᠨᠡᠶᠢᠭᠡᠮ ᠤᠨ ᠲᠡᠷᠭᠡ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠴᠤ᠂ ᠭᠡᠷ ᠤᠨ ᠠᠬᠠᠮᠠᠳ᠂ ᠰᠤᠷᠤᠭᠴᠢ ᠵᠢᠴᠢ ᠶᠠᠪᠠᠭᠠᠨ ᠬᠥᠮᠦᠨ ᠤ ᠶᠠᠪᠤᠵᠤ ᠰᠠᠭᠤᠬᠤ ᠡᠮᠬᠢ ᠵᠢᠷᠤᠮ ᠪᠣᠯᠤᠨ ᠠᠮᠤᠷ ᠲᠦᠪᠰᠢᠨ ᠢ ᠪᠠᠲᠤᠯᠠᠵᠤ᠂ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠶᠠᠭᠠᠷᠠᠤ ᠰᠠᠨᠳᠤᠷᠤᠤ ᠶᠢᠨ ᠪᠠᠷ᠎ᠠ ᠨᠢ ᠴᠠᠰᠤᠨ ᠳᠤᠮᠳᠠᠬᠢ ᠬᠠᠮᠤᠭ ᠤᠨ ᠭᠤᠶᠣ ︽ᠴᠠᠭᠳᠠᠭᠠᠨ ᠤ ᠳᠦᠷᠢ︾ ᠪᠣᠯᠤᠭᠰᠠᠨ ᠪᠠᠶᠢᠪᠠ᠃
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ