ᠯᠢᠨ ᠾᠧ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ 3 ᠮᠤᠵᠢ ᠶᠢ ᠰᠤᠨᠳᠠᠯᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠠᠮᠵᠢᠯᠲᠠᠲᠠᠶ ᠢᠯᠡᠷᠡᠭᠦᠯᠪᠡ
ᠨᠡᠶᠢᠲᠡᠯᠡᠭᠰᠡᠨ ᠴᠠᠭ᠄
2022/10/17
     ᠣᠶᠢᠷ᠎ᠠ ᠳᠤ᠂ ᠯᠢᠨ ᠾᠧ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ 3 ᠮᠤᠵᠢ ᠶᠢ ᠰᠤᠨᠳᠠᠯᠠᠭᠰᠠᠨ 50 ᠭᠠᠷᠤᠶ ᠲᠦᠮᠡᠨ ᠲᠥᠭᠦᠷᠢᠭ ᠲᠤ ᠬᠤᠯᠪᠤᠭᠳᠠᠭᠰᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠠᠮᠵᠢᠯᠲᠠ ᠲᠠᠢ ᠢᠯᠡᠷᠡᠭᠦᠯᠵᠦ᠂ 4 ᠰᠡᠵᠢᠭᠳᠡᠨ ᠢ ᠪᠠᠷᠢᠪᠴᠢᠯᠠᠪᠠ᠃
1.jpg   
      ᠡᠨᠡ ᠵᠢᠯ ᠤᠨ 8 ᠰᠠᠷ᠎ᠠ ᠶᠢᠨ ᠡᠬᠢ ᠪᠠᠷ᠂ ᠨᠢᠭᠡᠨ ᠡᠷᠡᠭᠲᠡᠶ ᠶᠠᠭᠠᠷᠠᠤ ᠰᠠᠨᠳᠤᠷᠤᠤ ᠪᠠᠷ ᠯᠢᠨ ᠾᠧ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠮᠡᠬᠡᠯᠡᠯ ᠢ ᠡᠰᠡᠷᠭᠦᠴᠡᠬᠦ ᠲᠥᠪ ᠲᠤ ᠬᠦᠷᠴᠦ᠂ ᠥᠪᠡᠷ ᠢᠶᠠᠨ ᠳᠠᠩᠰᠠ ᠲᠠᠶᠢᠯᠬᠤ ᠬᠡᠯᠪᠡᠷᠢ ᠪᠠᠷ 50 ᠭᠠᠷᠤᠶ ᠲᠦᠮᠡᠨ ᠲᠥᠭᠦᠷᠢᠭ ᠮᠡᠬᠡᠯᠡᠭᠳᠡᠵᠡᠶ ᠭᠡᠵᠦ ᠴᠠᠭᠳᠠᠭ᠎ᠠ ᠳᠤ ᠮᠡᠳᠡᠭᠦᠯᠵᠡᠶ᠃ ᠠᠷᠠᠳ ᠤᠨ ᠴᠠᠭᠳᠠᠭ᠎ᠠ ᠳᠤ᠂ ᠲᠡᠷᠡ ᠨᠢᠭᠡ ᠲᠠᠨᠢᠯ ᠪᠤᠰᠤ ᠬᠥᠮᠦᠨ ᠤ ᠸᠢᠴᠠᠲ ᠤᠨ ᠴᠤᠭᠯᠠᠷᠠᠯ ᠳᠤ ᠲᠠᠲᠠᠭᠳᠠᠨ ᠣᠷᠣᠵᠤ᠂ ᠸᠢᠴᠠᠲ ᠤᠨ ᠴᠤᠭᠯᠠᠷᠠᠯ ᠳᠤ ᠦᠷᠭᠦᠯᠵᠢ ᠤᠯᠠᠭᠠᠨ ᠪᠠᠭᠯᠠᠭ᠎ᠠ ᠪᠤᠯᠢᠶᠠᠬᠤ᠂ ᠠᠰᠠᠷᠠᠮᠵᠢ ᠠᠪᠬᠤ ᠵᠡᠷᠭᠡ ᠡᠭᠦᠷᠭᠡ ᠨᠡᠶᠢᠲᠡᠯᠡᠵᠡᠢ᠂ ᠲᠤᠰ ᠡᠷᠡᠭᠲᠡᠢ ᠭᠠᠷ ᠤᠲᠠᠰᠤ ᠪᠠᠷ ︽EAR︾ ᠭᠡᠬᠦ ᠵᠥᠭᠡᠯᠡᠨ ᠲᠤᠨᠤᠭ ᠪᠠᠭᠤᠯᠭᠠᠭᠰᠠᠨ ᠪᠥᠭᠡᠳ ᠸᠢᠴᠠᠲ ᠤᠨ ᠴᠤᠭᠯᠠᠷᠠᠯ ᠳᠠᠬᠢ ︽ᠮᠦᠸᠧ ᠰᠢᠤᠸᠠᠢ︾ ᠭᠡᠬᠦ ᠰᠠᠶᠢᠨ ᠨᠠᠶᠢᠵᠠ ᠪᠠᠨ ᠨᠡᠮᠡᠵᠡᠢ᠂ ᠡᠨᠡ ︽ᠰᠠᠶᠢᠨ ᠨᠠᠶᠢᠵᠠ︾ ᠶᠢᠨ ᠢᠶᠠᠨ ᠲᠠᠭᠠᠭᠤᠯᠭ᠎ᠠ ᠳᠣᠣᠷ᠎ᠠ᠂ ᠲᠡᠷᠡ ᠤᠯᠠᠨ ᠤᠳᠠᠭ᠎ᠠ ᠬᠡᠶᠢᠰᠪᠦᠷᠢ ᠦᠢᠯᠡᠳᠬᠦᠨ ᠬᠤᠳᠠᠯᠳᠤᠨ ᠠᠪᠴᠤ᠂ ᠤᠷᠢᠳ ᠬᠤᠵᠢᠳ ᠨᠦᠬᠦᠭᠡ ᠡᠲᠡᠭᠡᠳ ᠤᠨ ᠢᠶᠠᠨ ᠬᠠᠩᠭᠠᠭᠰᠠᠨ ᠤᠯᠠᠨ ᠲᠠᠩᠰᠠᠨ ᠨᠣᠮᠧᠷ ᠲᠤ 50 ᠭᠠᠷᠤᠢ ᠲᠦᠮᠡᠨ ᠲᠥᠭᠦᠷᠢᠭ ᠰᠢᠯᠵᠢᠭᠦᠯᠦᠨ ᠥᠭᠴᠦ᠂ ᠡᠴᠦᠰ ᠲᠤ ᠪᠠᠨ ᠮᠡᠬᠡᠯᠡᠭᠳᠡᠪᠡ ᠭᠡᠪᠡ᠃
4.jpg   
      ᠲᠦᠭᠰᠢᠭᠦᠷᠢ ᠶᠢᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠡᠬᠡᠯᠡᠯ ᠢ ᠡᠰᠡᠷᠭᠦᠴᠡᠬᠦ ᠲᠥᠪ ᠤᠨ ᠠᠷᠠᠳ ᠤᠨ ᠴᠠᠭᠳᠠᠭ᠎ᠠ ᠶᠢ ᠴᠤᠭᠯᠠᠭᠤᠯᠵᠤ ᠲᠤᠰᠬᠠᠶ ᠠᠩᠭᠢ ᠪᠠᠶᠢᠭᠤᠯᠵᠤ᠂ ᠲᠡᠷᠡ ᠳᠠᠷᠤᠶ ᠳᠤ ᠨᠢ ᠬᠠᠷᠭᠤᠭᠤᠯᠤᠨ ᠪᠠᠶᠢᠴᠠᠭᠠᠬᠤ ᠠᠵᠢᠯ ᠥᠷᠨᠢᠭᠦᠯᠪᠡ᠃ ᠮᠡᠬᠡᠯᠡᠯ ᠢ ᠡᠰᠡᠷᠭᠦᠴᠡᠬᠦ ᠠᠷᠠᠳ ᠤᠨ ᠴᠠᠭᠳᠠᠭ᠎ᠠ ᠬᠡᠷᠡᠭ ᠤᠨ ᠪᠡᠯᠡ ᠮᠥᠩᠭᠦᠨ ᠤ ᠭᠦᠢᠯᠭᠡᠭᠡ᠂ ᠮᠡᠳᠡᠭᠡ ᠵᠠᠩᠭᠢ ᠶᠢᠨ ᠭᠦᠢᠯᠭᠡᠭᠡ ᠳᠤ ᠭᠦᠨᠵᠡᠭᠡᠢ ᠵᠠᠳᠠᠯᠤᠯᠲᠠ ᠬᠢᠬᠦ ᠪᠠᠷ ᠳᠠᠮᠵᠢᠨ᠂ ᠮᠠᠰᠢ ᠤᠯᠠᠨ ᠠᠷᠠᠯᠵᠢᠶᠠᠨ ᠤ ᠤᠷᠤᠰᠬᠠᠯ ᠳᠤᠮᠳᠠ 12 ᠡᠳᠦᠷ ᠤᠨ ᠴᠠᠭ ᠵᠠᠷᠤᠴᠠᠭᠤᠯᠵᠤ᠂ 4 ᠰᠡᠵᠢᠭᠳᠡᠨ ᠢ ᠠᠮᠵᠢᠯᠲᠠ ᠲᠠᠢ ᠪᠠᠷ ᠲᠣᠳᠤᠯᠠᠪᠠ᠃ ᠭᠡᠪᠡᠴᠦ ᠬᠦᠴᠢᠷᠳᠡᠯ ᠴᠦ ᠡᠭᠦᠨ ᠢ ᠳᠠᠭᠠᠯᠳᠤᠨ ᠠᠷᠠᠳ ᠤᠨ ᠴᠠᠭᠳᠠᠭ᠎ᠠ ᠶᠢᠨ ᠡᠮᠦᠨ᠎ᠡ ᠲᠠᠯᠪᠢᠭᠳᠠᠵᠤ᠂ ᠰᠡᠵᠢᠭᠳᠡᠨ ᠠᠯᠤᠰ ᠬᠤᠯᠠ ᠭᠠᠳᠠᠷ ᠮᠤᠵᠢ ᠬᠤᠲᠠ ᠳᠤ᠂ ᠬᠡᠰᠡᠭ ᠮᠤᠵᠢ ᠬᠤᠲᠠ ᠶᠢᠨ ᠬᠢᠵᠢᠭ ᠤᠨ ᠪᠠᠶᠢᠳᠠᠯ ᠬᠦᠨᠳᠦ ᠨᠣᠴᠢᠲᠠᠶ ᠪᠠᠶᠢᠵᠤ᠂ ᠪᠠᠷᠢᠪᠴᠢᠯᠠᠬᠤ ᠠᠵᠢᠯ ᠳᠤ ᠪᠠᠭ᠎ᠠ ᠪᠤᠰᠤ ᠥᠷᠢᠰᠥᠯᠳᠦᠭᠡᠨ ᠠᠪᠴᠢᠷᠠᠭᠰᠠᠨ ᠪᠠᠶᠢᠨ᠎ᠠ᠃ ᠬᠤᠤᠷᠯᠠᠭᠳᠠᠭᠴᠢ ᠶᠢᠨ ᠮᠡᠬᠡᠯᠡᠭᠳᠡᠭᠰᠡᠨ ᠵᠣᠭᠤᠰ ᠮᠥᠩᠭᠦ ᠶᠢ ᠡᠷᠲᠡᠬᠡᠨ ᠨᠡᠬᠡᠮᠵᠢᠯᠡᠨ ᠠᠪᠴᠢᠷᠠᠬᠤ ᠶᠢᠨ ᠲᠥᠯᠥᠭᠡ᠂ ᠠᠷᠠᠳ ᠤᠨ ᠴᠠᠭᠳᠠᠭ᠎ᠠ ᠬᠢᠵᠢᠭ ᠤᠨ ᠪᠠᠶᠢᠳᠠᠯ᠂ ᠵᠠᠮ ᠬᠠᠷᠢᠯᠴᠠᠭ᠎ᠠ᠂ ᠦᠭᠡ ᠬᠡᠯᠡ ᠵᠡᠷᠭᠡ ᠠᠴᠠ ᠪᠣᠯᠤᠭᠰᠠᠨ ᠮᠠᠰᠢ ᠣᠯᠠᠨ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠵᠠᠯᠭᠠᠭ᠎ᠠ ᠪᠠᠷ ᠡᠷᠡᠯᠬᠡᠭᠯᠡᠨ ᠲᠡᠮᠡᠴᠡᠵᠦ᠂ ᠤᠷᠢᠳ ᠬᠤᠵᠢᠳ ᠱᠠᠨᠰᠢ᠂ ᠬᠠᠷᠠᠮᠥ᠋ᠷᠡᠨ᠂ ᠵᠢᠶᠠᠩᠰᠦ ᠭᠤᠷᠪᠠᠨ ᠮᠤᠵᠢ ᠬᠤᠲᠠ ᠪᠠᠷ ᠶᠠᠪᠤᠵᠤ᠂ ᠮᠡᠬᠡᠯᠡᠯ ᠳᠤ ᠬᠤᠯᠪᠣᠭᠳᠠᠭᠰᠠᠨ ᠳᠥᠷᠪᠡᠨ ᠰᠡᠵᠢᠭᠳᠡᠨ ᠢ ᠠᠮᠵᠢᠯᠲᠠᠲᠠᠶ ᠪᠠᠷᠢᠪᠴᠢᠯᠠᠪᠠ᠃     ᠰᠢᠭᠦᠨ ᠠᠰᠠᠭᠤᠬᠤ ᠪᠠᠷ ᠳᠡᠮᠵᠢᠨ᠂ ᠳᠥᠷᠪᠡᠨ ᠶᠠᠯ᠎ᠠ ᠬᠢᠭᠰᠡᠨ ᠰᠡᠵᠢᠭᠳᠡᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠶᠠᠪᠤᠭᠤᠯᠤᠭᠰᠠᠨ ᠪᠣᠳᠠᠲᠤ ᠬᠡᠷᠡᠭ ᠢᠶᠠᠨ ᠥᠴᠢᠭᠯᠡᠨ ᠮᠡᠳᠡᠷᠡᠪᠡ᠃ ᠣᠳᠣᠬᠠᠨ ᠳᠤ᠂ ᠳᠥᠷᠪᠡᠨ ᠰᠡᠵᠢᠭᠳᠡᠨ ᠨᠢᠭᠡᠨᠲᠡ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠡᠷᠡᠭ ᠢ ᠶᠠᠭ ᠤᠯᠠᠮ ᠨᠢᠭᠡ ᠠᠯᠬᠤᠮ ᠰᠢᠢᠳᠪᠦᠷᠢᠯᠡᠵᠦ ᠪᠠᠶᠢᠨ᠎ᠠ᠃  
ᠢᠷᠡᠯᠲᠡ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ