ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠷᠪᠠᠳᠤᠭᠠᠷ ᠤᠳᠠᠭ᠎ᠠ ᠶᠢᠨ ᠵᠤᠨ ᠤ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠢᠴᠠᠭᠠᠬᠤ ᠤᠬᠠᠭᠤᠯᠤᠨ ᠰᠡᠷᠭᠡᠢᠯᠡᠬᠦ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/10/17
      ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠤ ᠮᠠᠨ ᠤ ᠬᠤᠰᠢᠭᠤᠨ ᠤ ᠨᠡᠢᠭᠡᠮ ᠤᠨ ᠠᠮᠤᠷ ᠲᠦᠪᠰᠢᠨ ᠤ ᠲᠣᠭᠲᠠᠭᠤᠨ ᠪᠠᠶᠢᠳᠠᠯ ᠢ ᠪᠠᠲᠤᠯᠠᠬᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠢ ᠰᠦᠷᠳᠡᠭᠦᠯᠦᠯ ᠦᠵᠡᠭᠦᠯᠬᠦ᠂ ᠡᠯ᠎ᠡ ᠲᠥᠷᠥᠯ ᠤᠨ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤ ᠨᠢ ᠢᠯᠡᠷᠡᠭᠦᠯᠦᠨ ᠠᠷᠢᠯᠭᠠᠬᠤ᠂ ︽ᠵᠠᠭᠤᠨ ᠡᠳᠦᠷ ᠤᠨ ᠠᠵᠢᠯᠯᠠᠭ᠎ᠠ︾ ᠪᠠ ︽ᠬᠤᠶᠠᠷ ᠢ ᠠᠷᠢᠯᠭᠠᠨ ᠴᠡᠭᠴᠡᠯᠡᠬᠦ ᠬᠤᠶᠠᠷ ᠲᠤ ᠴᠣᠬᠢᠯᠲᠠ ᠥᠭᠬᠦ︾ ᠲᠤᠰᠬᠠᠢ ᠠᠵᠢᠯᠯᠠᠭ᠎ᠠ ᠶᠢᠨ ᠦᠷ᠎ᠡ ᠪᠦᠳᠦᠮᠵᠢ ᠶᠢ ᠪᠠᠬᠢᠵᠢᠭᠦᠯᠬᠦ᠂ ᠴᠢᠬᠤᠯᠠ ᠵᠠᠩᠭᠢᠯᠠᠭ᠎ᠠ ᠶᠢᠨ ᠴᠠᠭ ᠤᠨ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨ ᠬᠦ ᠰᠠᠶᠢᠳᠤᠷ ᠬᠢᠬᠦ ᠶᠢᠨ ᠲᠦᠯᠦᠭᠡ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠬᠤᠰᠢᠭᠤᠨ ᠤ ᠬᠡᠪᠴᠢᠶᠡᠨ ᠳᠤ ᠭᠤᠷᠪᠠᠨ ᠡᠳᠦᠷ ᠤᠨ ᠬᠤᠭᠤᠴᠠᠭ᠎ᠠ ᠲᠠᠢ ᠵᠤᠨ ᠤ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠢᠴᠠᠭᠠᠬᠤ ᠤᠬᠠᠭᠤᠯᠬᠤ ᠠᠵᠢᠯᠯᠠᠭ᠎ᠠ ᠥᠷᠨᠢᠭᠦᠯᠪᠡ᠃
微信图片_20220928152230.jpg  
微信图片_20220928152309.jpg
      ᠠᠵᠢᠯᠯᠠᠭ᠎ᠠ ᠶᠢᠨ ᠳᠤᠮᠳᠠ᠂ ᠨᠡᠶᠢᠳᠡ 143 ᠴᠠᠭᠳᠠᠭᠠᠨ ᠤ ᠲᠡᠷᠭᠡ᠂ 494 ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠦᠴᠦᠨ ᠢ 194 ᠳᠠᠢᠴᠢᠯᠠᠭᠰᠠᠨ ᠪᠠᠶᠢᠨ᠎ᠠ᠃ 466 ᠭᠤᠣᠯᠳᠠᠯᠭ᠎ᠠ ᠲᠠᠢ ᠲᠠᠯᠠᠪᠤᠷ ᠭᠠᠵᠠᠷ᠂ 81 ᠭᠤᠣᠯᠳᠠᠯᠭ᠎ᠠ ᠲᠠᠢ ᠣᠷᠣᠨ ᠪᠠᠶᠢᠷᠢ ᠶᠢ ᠪᠠᠶᠢᠴᠠᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ 18 ᠵᠢᠭᠰᠠᠭᠠᠨ ᠪᠠᠢᠴᠠᠭᠠᠵᠤ ᠴᠡᠭᠴᠡᠯᠡᠨ ᠰᠠᠢᠵᠢᠷᠠᠭᠤᠯᠵᠤ᠂ 2116 ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠵᠡᠩᠨᠡᠯᠲᠡ ᠬᠠᠮᠢᠶᠠᠷᠤᠯᠲᠠ ᠶᠢᠨ ᠡᠮᠬᠢ ᠳᠢᠭᠯᠢᠮ ᠢ ᠦᠨᠡᠨ ᠬᠦ ᠵᠢᠷᠤᠮᠵᠢᠭᠤᠯᠪᠠ᠃ 2434 ᠮᠠᠰᠢᠨ ᠲᠡᠷᠭᠡ ᠶᠢ ᠪᠠᠶᠢᠴᠠᠭᠠᠵᠤ᠂ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠬᠡᠷᠡᠭ ᠢ ᠨᠡᠶᠢᠳᠡ 352 ᠪᠠᠶᠢᠴᠠᠭᠠᠨ ᠰᠢᠢᠳᠪᠦᠷᠢᠯᠡᠨ᠂ ᠡᠭᠦᠨ ᠳᠤ ᠰᠣᠭᠲᠣᠭᠤ ᠪᠠᠷ ᠲᠡᠷᠭᠡ ᠵᠢᠯᠣᠭᠤᠳᠤᠭᠰᠠᠨ ᠬᠡᠷᠡᠭ 12᠂ ᠰᠥᠷᠴᠦ ᠶᠠᠪᠤᠭᠰᠠᠨ ᠬᠡᠷᠡᠭ 5᠂ ᠠᠶᠤᠯ ᠦᠭᠡᠢ ᠪᠦᠰᠡ ᠪᠦᠰᠡᠯᠡᠭᠰᠡᠨ ᠦᠭᠡᠢ 291᠂ ᠬᠥᠮᠦᠨ ᠤ ᠲᠤᠭ᠎ᠠ ᠠᠴᠠ ᠬᠡᠲᠦᠷᠡᠭᠦᠯᠦᠭᠰᠡᠨ ᠬᠡᠷᠡᠭ 1᠂ ᠣᠨ ᠤ ᠪᠠᠢᠴᠠᠭᠠᠯᠲᠠ ᠬᠢᠭᠰᠡᠨ ᠦᠭᠡᠢ ᠬᠡᠷᠡᠭ 3᠂ ᠲᠡᠷᠭᠡᠨ ᠤ ᠳᠠᠭᠠᠳᠬᠠᠯ ᠦᠭᠡᠢ ᠬᠡᠷᠡᠭ 1 ᠶᠢ ᠪᠠᠶᠢᠴᠠᠭᠠᠨ ᠰᠢᠢᠳᠪᠦᠷᠢᠯᠡᠪᠡ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ