ᠴᠢᠩ ᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ︽ᠭᠤᠷᠪᠠᠨ ᠮᠠᠶ᠋ᠢᠭ︾ ᠢᠶᠠᠷ ᠣᠯᠠᠨ ᠲᠦᠮᠡᠨ ᠳᠤ ᠬᠠᠯᠠᠭᠤᠨ ᠳᠣᠲᠣᠨᠣ ᠪᠠᠷ ᠦᠢᠯᠡᠴᠢᠯᠡᠪᠡ
ᠨᠡᠶᠢᠲᠡᠯᠡᠭᠰᠡᠨ ᠴᠠᠭ᠄
2022/10/24
      ᠪᠤᠭᠤᠳᠤ ᠬᠤᠲᠠ ᠶᠢᠨ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠭᠤᠸᠠᠩ ᠬᠤᠢ ᠪᠠᠭ᠎ᠠ ᠲᠣᠭᠤᠷᠢᠭ ᠤᠨ ᠲᠣᠮᠢᠯᠠᠭᠰᠠᠨ ᠰᠠᠯᠪᠤᠷᠢ ᠢᠮᠠᠭᠲᠠ ᠬᠠᠷᠢᠶ᠎ᠠ ᠲᠣᠭᠤᠷᠢᠭ ᠤᠨ ᠣᠯᠠᠨ ᠲᠦᠮᠡᠨ ᠤ ︽ᠲᠠᠶᠢᠪᠤᠩᠳᠤ ᠲᠥᠷᠥᠭᠳᠡᠯ᠂ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ︾ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠣᠯᠠᠨ ᠲᠦᠮᠡᠨ ᠤ ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠰᠢᠢᠳᠪᠦᠷᠢᠯᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠣᠯᠠᠨ ᠲᠦᠮᠡᠨ ᠳᠤ ᠨᠠᠷᠢᠨ ᠬᠢᠨᠠᠮᠠᠭᠠᠶ ᠦᠢᠯᠡᠴᠢᠯᠡᠵᠦ᠂ ᠠᠮᠤᠷ ᠲᠦᠪᠰᠢᠨ ᠤ ᠤᠬᠠᠭᠤᠯᠭ᠎ᠠ ᠶᠢ ᠥᠷᠨᠢᠭᠦᠯᠵᠦ᠂ ᠵᠥᠷᠢᠴᠡᠯ ᠵᠠᠭᠤᠷᠠᠯᠳᠤᠭᠠᠨ ᠢ ᠡᠶᠡᠳᠡᠭᠦᠯᠵᠦ᠂ ᠥᠷᠭᠡᠨ ᠢᠶᠠᠷ ᠦᠢᠯᠡᠴᠢᠯᠡᠵᠦ ᠬᠠᠯᠠᠮᠵᠢᠯᠠᠬᠤ ᠲᠣᠮᠢᠯᠠᠭᠰᠠᠨ ᠰᠠᠯᠪᠤᠷᠢ ᠶᠢ ᠪᠠᠶᠢᠭᠤᠯᠪᠠ᠃
2 青山区公安分局“三式”暖心服务群众.jpg   
      ᠠᠷᠠᠳ ᠤᠨ ᠲᠥᠯᠥᠭᠡ ᠭᠡᠬᠦ ᠣᠭ ᠰᠠᠨᠠᠭ᠎ᠠ ᠪᠠᠨ ᠪᠠᠲᠤ ᠴᠡᠭᠡᠵᠢᠯᠡᠵᠦ ︽ᠬᠠᠮᠢᠶᠠᠷᠤᠭᠴᠢ ᠮᠠᠶ᠋ᠢᠭ︾ ᠢᠶᠠᠷ ᠣᠯᠠᠨ ᠲᠦᠮᠡᠨ ᠳᠤ ᠦᠢᠯᠡᠴᠢᠯᠡᠬᠦ︔ ᠨᠡᠶᠢᠭᠡᠮ ᠤᠨ ᠬᠠᠮᠲᠤᠷᠠᠯ ᠬᠦᠴᠦᠨ ᠢ ᠨᠢᠭᠲᠠᠷᠠᠭᠤᠯᠵᠤ ︽ᠬᠠᠮᠲᠤᠷᠠᠭᠰᠠᠨ ᠮᠠᠶ᠋ᠢᠭ︾ ᠢᠶᠠᠷ ᠰᠡᠷᠭᠡᠶᠢᠯᠡᠨ ᠡᠵᠡᠮᠳᠡᠵᠦ ᠠᠮᠤᠷ ᠲᠦᠪᠰᠢᠨ ᠢ ᠪᠠᠳᠤᠯᠠᠬᠤ︔ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠴᠦ ︽ᠹᠧᠩ ᠴᠢᠶᠣᠤ ᠮᠠᠶ᠋ᠢᠭ︾ ᠤᠨ ᠲᠤᠷᠰᠢᠯᠭ᠎ᠠ ᠪᠠᠷ ᠵᠥᠷᠢᠴᠡᠯ ᠢ ᠰᠢᠢᠳᠪᠦᠷᠢᠯᠡᠬᠦ ᠭᠤᠷᠪᠠᠨ ᠮᠠᠶ᠋ᠢᠭ ᠢᠶᠠᠷ ᠣᠯᠠᠨ ᠲᠦᠮᠡᠨ ᠳᠤ ᠦᠢᠯᠡᠴᠢᠯᠡᠪᠡ᠃
3 青山区公安分局“三式”暖心服务群众.jpg   
      ᠴᠢᠩ ᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠬᠡᠷᠡᠭᠴᠡᠭᠡ ᠶᠢ ᠬᠠᠮᠤᠭ ᠤᠨ ᠶᠡᠭᠡ ︽ᠲᠥᠪᠯᠡᠩᠭᠦᠢ ᠬᠦᠴᠦᠨ︾ ᠪᠣᠯᠭᠠᠵᠤ᠂ ᠦᠢᠯᠡᠴᠢᠯᠡᠭᠡᠨ ᠤ ︽ᠬᠤᠷᠳᠤᠴᠠ ᠪᠠᠨ ᠲᠦᠷᠭᠡᠳᠬᠡᠬᠦ︾ ᠪᠠᠷ ᠤᠯᠠᠨ ᠲᠦᠮᠡᠨ ᠤ ᠲᠣᠭᠤᠷᠢᠨ ᠳᠤ᠂ ᠤᠯᠠᠨ ᠲᠦᠮᠡᠨ ᠤ ᠭᠠᠷ ᠤᠲᠠᠰᠤᠨ ᠳᠠᠬᠢ ︽ᠤᠳᠤᠨ ᠲᠡᠮᠳᠡᠭ︾ ᠪᠤᠯᠵᠤ᠂ ︽ᠬᠡᠷᠡᠭ ᠭᠠᠷᠬᠤ ᠨᠢ ᠴᠥᠭᠡᠨ᠂ ᠡᠮᠬᠢ ᠳᠢᠭᠯᠢᠮ ᠰᠠᠶᠢᠨ᠂ ᠤᠯᠠᠨ ᠲᠦᠮᠡᠨ ᠬᠠᠨᠤᠮᠵᠢᠲᠠᠢ᠂ ᠨᠡᠶᠢᠭᠡᠮ ᠲᠣᠭᠲᠠᠭᠤᠨ︾ ᠪᠠᠶᠢᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠲᠠᠰᠤᠷᠠᠯᠲᠠ ᠦᠭᠡᠢ ᠴᠢᠷᠮᠠᠶᠢᠨ᠎ᠠ᠃    
ᠢᠷᠡᠯᠲᠡ᠄ ᠪᠣᠭᠤᠳᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ