ᠲᠠᠶᠢᠹᠦᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠬᠡᠭᠡᠷ᠎ᠡ ᠶᠢᠨ ᠰᠢᠪᠠᠭᠤᠳ ᠢ ᠳᠠᠬᠢᠨ ᠡᠬᠡ ᠪᠠᠶᠢᠭᠠᠯᠢ ᠳᠤ ᠨᠢ ᠪᠤᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/10/24
      9 ᠳ᠋ᠦ᠋ᠭᠡᠷ ᠰᠠᠷ᠎ᠠ ᠶᠢᠨ 5 ᠤ ᠡᠳᠦᠷ᠂ ᠰᠢᠯᠢ ᠶᠢᠨ ᠭᠤᠤᠯ ᠠᠶᠢᠮᠠᠭ ᠤᠨ ᠲᠠᠶᠢᠹᠦᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠲᠠᠶᠢᠹᠦᠰᠧ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠳᠤᠮᠳᠠᠳᠤ ᠤᠯᠤᠰ ᠤᠨ ᠠᠮᠢᠲᠠᠨ ᠤ ᠨᠡᠶᠢᠭᠡᠮᠯᠢᠭ ᠤᠨ ᠲᠠᠶᠢᠹᠦᠰᠧ ᠬᠤᠰᠢᠭᠤᠨ ᠤ ᠬᠡᠭᠡᠷ᠎ᠡ ᠶᠢᠨ ᠵᠢᠭᠦᠷᠲᠡᠨ ᠤ ᠨᠡᠭᠦᠳᠡᠯᠯᠡᠨ ᠨᠢᠰᠬᠦ ᠶᠢ ᠬᠠᠮᠠᠭᠠᠯᠠᠬᠤ ᠠᠩᠭᠢ ᠲᠠᠢ ᠬᠠᠮᠲᠤᠷᠠᠨ ︽ᠬᠡᠭᠡᠷ᠎ᠡ ᠶᠢᠨ ᠠᠮᠢᠲᠠᠨ ᠢ ᠬᠠᠯᠠᠮᠵᠢᠯᠠᠨ ᠬᠠᠶᠢᠷᠠᠯᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢ ᠬᠠᠮᠲᠤ ᠪᠠᠷ ᠡᠳ᠋ᠯᠡᠶ᠎ᠡ︾ ᠭᠡᠬᠦ ᠬᠡᠭᠡᠷ᠎ᠡ ᠶᠢᠨ ᠰᠢᠪᠠᠭᠤᠳ ᠢ ᠨᠢᠰᠬᠡᠬᠦ ᠠᠵᠢᠯᠯᠠᠭ᠎ᠠ ᠥᠷᠨᠢᠭᠦᠯᠵᠦ᠂ ᠨᠢᠭᠡ ᠬᠥᠬᠡ ᠳᠡᠭᠡᠯᠡᠶ ᠵᠢᠴᠢ ᠬᠠᠷᠴᠠᠭᠠᠶ ᠶᠢ ᠠᠮᠵᠢᠯᠲᠠ ᠲᠠᠢ ᠪᠠᠷ ᠡᠬᠡ ᠪᠠᠶᠢᠭᠠᠯᠢ ᠳᠤ ᠨᠢ ᠲᠠᠯᠪᠢᠪᠠ᠃
微信图片_20220907102552.jpg  
      ᠲᠤᠰ ᠤᠳᠠᠭ᠎ᠠ ᠪᠠᠶᠢᠭᠠᠯᠢ ᠳᠤ ᠨᠢ ᠲᠠᠯᠪᠢᠭᠰᠠᠨ ᠬᠥᠬᠡ ᠳᠡᠭᠡᠯᠡᠶ ᠪᠣᠯᠤᠨ ᠬᠠᠷᠴᠠᠭᠠᠶ ᠨᠢ ᠪᠦᠷ ᠣᠶᠢᠷ᠎ᠠ ᠶᠢᠨ ᠬᠤᠭᠤᠴᠠᠭᠠᠨ ᠳᠤ ᠲᠤᠰᠠᠯᠠᠮᠵᠢ ᠭᠥᠷᠳᠡᠭᠰᠡᠨ ᠬᠡᠭᠡᠷ᠎ᠡ ᠶᠢᠨ ᠰᠢᠪᠠᠭᠤ ᠪᠠᠶᠢᠵᠤ᠂ ᠴᠥᠮ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠣᠨ᠎ᠠ᠃ ᠤᠤᠯ ᠨᠢ ᠥᠯᠦᠰᠴᠦ ᠥᠯᠪᠡᠷᠦᠭᠰᠡᠨ᠂ ᠡᠪᠡᠳᠴᠢᠯᠡᠭᠰᠡᠨ ᠠᠴᠠ ᠨᠢᠰᠴᠦ ᠲᠡᠶᠢᠯᠬᠦ ᠪᠠᠨ ᠪᠣᠯᠪᠠ᠃ ᠠᠪᠤᠷᠠᠨ ᠲᠤᠰᠠᠯᠠᠬᠤ ᠥᠷᠲᠡᠭᠡᠨ ᠤ ᠠᠵᠢᠯᠲᠠᠨ ᠨᠠᠷᠢᠨ ᠨᠢᠮᠪᠠᠶ ᠠᠰᠠᠷᠠᠭᠰᠠᠨ ᠤ ᠳᠠᠷᠠᠭ᠎ᠠ ᠡᠷᠡᠭᠦᠯᠵᠢᠵᠦ᠂ ᠨᠢᠰᠦᠯᠲᠡ ᠶᠢᠨ ᠨᠥᠬᠦᠴᠡᠯ ᠳᠤ ᠬᠦᠷᠦᠭᠰᠡᠨ ᠪᠠᠶᠢᠨ᠎ᠠ᠃ ᠲᠡᠳᠡᠨ ᠤ ᠡᠬᠡ ᠪᠠᠶᠢᠭᠠᠯᠢ ᠳᠤ ᠪᠠᠨ ᠪᠤᠴᠠᠭᠰᠠᠨ ᠤ ᠳᠠᠷᠠᠭ᠎ᠠ ᠡᠷᠡᠭᠦᠯ ᠴᠢᠭᠢᠷᠠᠭ ᠢᠶᠠᠷ ᠣᠷᠣᠰᠢᠨ ᠲᠣᠭᠲᠠᠨᠢᠬᠤ ᠶᠢ ᠪᠠᠲᠤᠯᠠᠬᠤ ᠶᠢᠨ ᠲᠥᠯᠥᠭᠡ᠂ ᠲᠡᠳᠡᠨ ᠤ ᠠᠮᠢᠳᠤᠷᠠᠯ ᠤᠨ ᠵᠣᠷᠰᠢᠯ ᠢ ᠦᠨᠳᠦᠰᠦᠯᠡᠨ᠂ ᠰᠢᠪᠠᠭᠤᠳ ᠣᠯᠠᠨ ᠴᠤᠭᠯᠠᠷᠠᠭᠰᠠᠨ ᠨᠤᠭᠤ ᠭᠠᠵᠠᠷ ᠢ ᠰᠣᠩᠭᠤᠨ ᠲᠤᠰ ᠤᠳᠠᠭᠠᠨ ᠤ ᠨᠢᠰᠬᠡᠬᠦ ᠠᠵᠢᠯᠯᠠᠭ᠎ᠠ ᠶᠢ ᠥᠷᠨᠢᠭᠦᠯᠪᠡ᠃
微信图片_20220907102608.jpg  
      ᠣᠶᠢᠷ᠎ᠠ ᠶᠢᠨ ᠵᠢᠯ᠂ ᠲᠠᠶᠢᠹᠦᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷ ᠢᠯᠡᠳᠲᠡ ᠳᠡᠭᠡᠭᠰᠢᠯᠡᠵᠦ᠂ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠠᠵᠢᠯᠯᠠᠭ᠎ᠠ ᠵᠢᠯ ᠳᠠᠷᠠᠭᠠᠯᠠᠨ ᠨᠡᠮᠡᠭᠳᠡᠪᠡ᠃     
ᠢᠷᠡᠯᠲᠡ᠄ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ