ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠤᠭᠤᠯᠢ ᠶᠢ ᠠᠮᠵᠢᠯᠲᠠᠲᠠᠶ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2022/11/20
     9 ᠳ᠋ᠦ᠋ᠭᠡᠷ ᠰᠠᠷ᠎ᠠ ᠶᠢᠨ 24 ᠤ ᠡᠳᠦᠷ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦ᠋ ᠲᠦᠩ ᠬᠤᠸᠠ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠠᠷᠠᠳ ᠤᠨ ᠲᠦᠭᠰᠢᠭᠦᠷᠢ ᠮᠡᠳᠡᠭᠦᠯᠦᠯᠲᠡ ᠶᠢ ᠲᠣᠰᠬᠤ ᠳᠤ᠂ ᠥᠪᠡᠷ ᠤᠨ ᠨᠣᠭᠤᠭ᠎ᠠ ᠶᠢᠨ ᠬᠠᠰᠢᠶᠠᠨ ᠳᠤ ᠨᠢᠭᠡ ᠤᠭᠤᠯᠢ ︽ᠠᠲᠤᠷᠢᠵᠤ︾᠂ ᠨᠢᠰᠬᠦ ᠶᠢᠨ ᠠᠷᠭ᠎ᠠ ᠥᠬᠡᠶ ᠪᠣᠯᠤᠭᠰᠠᠨ ᠰᠢᠭ᠋ ᠰᠠᠨᠠᠭᠳᠠᠵᠤ᠂ ᠴᠠᠭᠳᠠᠭ᠎ᠠ ᠲᠣᠮᠢᠯᠠᠬᠤ ᠶᠢ ᠭᠤᠶᠤᠴᠢᠯᠠᠪᠠ᠃ 
微信图片_20220930163312.jpg  
      ᠬᠡᠷᠡᠭ ᠤᠨ ᠮᠡᠳᠡᠭᠦᠯᠦᠯᠲᠡ ᠶᠢ ᠳᠤᠰᠤᠭᠰᠠᠨ ᠤ ᠳᠠᠷᠠᠭ᠎ᠠ᠂ ᠦ᠋ ᠲᠦᠩ ᠬᠤᠸᠠ ᠲᠣᠮᠢᠯᠠᠭᠰᠠᠨ ᠰᠠᠯᠪᠤᠷᠢ ᠲᠡᠷᠡ ᠳᠠᠷᠤᠶ ᠴᠠᠭᠳᠠᠭ᠎ᠠ ᠲᠣᠮᠢᠯᠠᠨ ᠲᠤᠬᠠᠶ ᠶᠢᠨ ᠲᠠᠯᠠᠪᠤᠷ ᠲᠤ ᠣᠴᠢᠭᠤᠯᠪᠠ᠃ ᠲᠤᠬᠠᠶ ᠶᠢᠨ ᠲᠠᠯᠠᠪᠠᠶ ᠳᠤ ᠭᠦᠷᠦᠭᠰᠡᠨ ᠤ ᠳᠠᠷᠠᠭ᠎ᠠ᠂ ᠠᠷᠠᠳ ᠤᠨ ᠴᠠᠭᠳᠠᠭ᠎ᠠ ᠲᠣᠰ ᠣᠭᠤᠯᠢ ᠶᠢᠨ ᠨᠢᠭᠡ ᠴᠦ ᠬᠥᠳᠡᠯᠦᠯ ᠥᠬᠡᠶ ᠪᠠᠷ ᠨᠤᠭᠤᠭ᠎ᠠ ᠬᠠᠰᠢᠶᠠᠨ ᠤ ᠪᠤᠯᠤᠩ ᠳᠤ ᠠᠲᠤᠷᠢᠨ᠂ ᠶᠠᠳᠠᠷᠠᠭᠰᠠᠨ ᠪᠠᠶᠢᠳᠠᠯ ᠲᠠᠢ ᠪᠠᠶᠢᠬᠤ ᠶᠢ ᠣᠯᠵᠤ ᠬᠠᠷᠠᠪᠠ᠃ ᠠᠷᠠᠳ ᠤᠨ ᠴᠠᠭᠳᠠᠭ᠎ᠠ ᠠᠭᠠᠵᠢᠮ ᠢᠶᠠᠷ ᠣᠶᠢᠷᠠᠲᠤᠵᠤ᠂ ᠨᠠᠷᠢᠨ ᠠᠵᠢᠭᠯᠠᠭᠰᠠᠨ ᠤ ᠳᠠᠷᠠᠭ᠎ᠠ ᠲᠣᠰ ᠣᠭᠤᠯᠢ ᠰᠢᠷᠬᠠᠲᠤᠭᠰᠠᠨ ᠦᠭᠡᠢ ᠪᠠᠶᠢᠬᠤ ᠶᠢ ᠣᠯᠵᠤ ᠮᠡᠳᠡᠪᠡ᠃ ᠳᠠᠷᠠᠭ᠎ᠠ ᠨᠢ᠂ ᠲᠣᠰ ᠤᠭᠤᠯᠢ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠬᠤᠭᠤᠰᠣᠨ ᠣᠢ ᠳᠤ ᠠᠪᠠᠴᠢᠵᠤ ᠠᠮᠵᠢᠯᠲᠠ ᠲᠠᠢ ᠪᠠᠷ ᠡᠬᠡ ᠪᠠᠶᠢᠭᠠᠯᠢ ᠳᠤ ᠪᠤᠴᠠᠭᠠᠪᠠ᠃
 微信图片_20220930163323.jpg  
     ᠣᠶᠢᠯᠠᠭᠠᠭᠰᠠᠨ ᠢᠶᠠᠷ᠂ ᠣᠭᠤᠯᠢ ᠪᠣᠯ ᠤᠯᠤᠰ ᠤᠨ ᠬᠤᠶᠠᠳᠤᠭᠠᠷ ᠳᠡᠰ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠪᠣᠯᠬᠤ ᠪᠥᠭᠡᠳ ᠬᠤᠯᠤᠭᠠᠨ᠎ᠠ ᠪᠠᠷᠢᠬᠤ ᠴᠢᠳᠠᠪᠤᠷᠢ ᠪᠠᠷ ᠬᠠᠮᠤᠭ ᠤᠨ ᠴᠢᠩᠭ᠎ᠠ ᠰᠢᠪᠠᠭᠤᠨ ᠤ ᠲᠥᠷᠥᠯ ᠪᠣᠯᠤᠨ᠎ᠠ᠃ ᠠᠷᠠᠳ ᠤᠨ ᠴᠠᠭᠳᠠᠭ᠎ᠠ ᠥᠷᠭᠡᠨ ᠣᠯᠠᠨ ᠰᠠᠭᠤᠭᠠᠯᠢ ᠠᠷᠠᠳ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠡᠷᠪᠡ ᠰᠢᠷᠬᠠᠲᠤᠭᠰᠠᠨ ᠬᠡᠭᠡᠷ᠎ᠡ ᠶᠢᠨ ᠠᠮᠢᠲᠠᠨ ᠲᠣᠬᠢᠶᠠᠯᠳᠤᠪᠠᠯ᠂ ᠴᠠᠭ ᠲᠤᠬᠠᠶ ᠳᠤ  ᠨᠢ ᠴᠠᠭᠳᠠᠭ᠎ᠠ ᠳᠤ ᠮᠡᠳᠡᠭᠦᠯᠬᠦ ᠪᠤᠶᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠷᠢᠯᠴᠠᠬᠤ ᠬᠡᠷᠡᠭᠲᠡᠶ ᠭᠡᠵᠦ ᠤᠷᠢᠶᠠᠯᠠᠪᠠ᠃      
ᠢᠷᠡᠯᠲᠡ᠄ ᠲᠣᠲᠣᠷᠬᠠᠢ ᠦᠭᠡᠢ