ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 21 ᠵᠢᠯ ᠤᠨ ᠡᠮᠦᠨᠡᠬᠢ ᠭᠡᠷ ᠲᠤ ᠣᠷᠣᠵᠤ ᠳᠡᠭᠡᠷᠡᠮᠳᠡᠭᠰᠡᠨ ᠠᠮᠢᠨ ᠬᠡᠷᠡᠭ ᠤᠨ ᠳᠠᠷᠤᠭᠳᠠᠮᠠᠯ ᠬᠡᠷᠡᠭ ᠢ ᠠᠮᠵᠢᠯᠲᠠᠲᠠᠶ ᠢᠯᠡᠷᠡᠭᠦᠯᠪᠡ
ᠨᠡᠶᠢᠲᠡᠯᠡᠭᠰᠡᠨ ᠴᠠᠭ᠄
2022/11/20
      2001 ᠣᠨ ᠤ 5 ᠳ᠋ᠤᠭᠠᠷ ᠰᠠᠷ᠎ᠠ ᠶᠢᠨ 27 ᠤ ᠤᠷᠤᠢ᠂ ᠭᠦᠸᠧ ᠣᠪᠣᠭᠲᠤ᠂ ᠾᠧ ᠣᠪᠣᠭᠲᠤ ᠬᠤᠶᠠᠭᠤᠯᠠ ᠰᠦᠬᠡ ᠠᠳᠬᠤᠨ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠴᠤᠬᠠᠦ᠋ᠨᠳᠦᠷ ᠪᠠᠯᠭᠠᠰᠤᠨ ᠤ ᠴᠢᠨᠳᠠᠮᠤᠨᠢ ᠭᠠᠴᠠᠭᠠᠨ ᠤ ᠮᠠᠯᠴᠢᠨ ᠪᠠᠶ ᠣᠪᠣᠭᠲᠤ ᠶᠢᠨ ᠭᠡᠷ ᠲᠤ ᠳᠠᠭᠠᠷᠢᠨ ᠣᠷᠣᠵᠤ᠂ ᠪᠠᠶ ᠣᠪᠣᠭᠲᠤ ᠶᠢ ᠴᠠᠪᠴᠢᠨ ᠠᠯᠠᠭᠠᠳ᠂ ᠡᠬᠡᠨᠡᠷ ᠨᠠᠢ ᠣᠪᠣᠭᠲᠤ ᠶᠢ ᠴᠠᠪᠴᠢᠵᠤ ᠬᠦᠨᠳᠦ ᠰᠢᠷᠬᠠᠳᠤᠭᠤᠯᠤᠭᠠᠳ ᠲᠡᠭᠡᠷᠡᠮᠳᠡᠪᠡ᠃ ᠬᠡᠷᠡᠭ ᠭᠠᠷᠤᠭᠰᠠᠨ ᠤ ᠳᠠᠷᠠᠭ᠎ᠠ᠂ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠬᠦᠴᠦᠨ ᠢ ᠦᠳᠲᠡᠷ ᠲᠦᠷᠭᠡᠨ ᠵᠣᠬᠢᠶᠠᠨ ᠪᠠᠢᠭᠤᠯᠵᠤ ᠬᠡᠷᠡᠭ ᠢ ᠳᠡᠩᠨᠡᠨ ᠢᠯᠡᠷᠡᠭᠦᠯᠬᠦ ᠠᠵᠢᠯ ᠢ ᠥᠷᠨᠢᠭᠦᠯᠵᠦ᠂ ᠬᠡᠷᠡᠭ ᠤᠨ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠲᠤᠬᠠᠶ ᠶᠢᠨ ᠲᠠᠯᠠᠪᠠᠢ ᠠᠴᠠ ᠴᠤᠭᠯᠠᠭᠤᠯᠵᠤ᠂ ᠳᠣᠲᠣᠭᠠᠳᠤ ᠶᠢ ᠬᠠᠮᠠᠭᠠᠯᠠᠬᠤ ᠶᠠᠮᠤᠨ ᠳᠤ ᠬᠦᠷᠭᠡᠵᠦ ᠰᠢᠯᠭᠠᠨ ᠪᠠᠶᠢᠴᠠᠭᠠᠯᠭᠠᠪᠠ᠃ ᠲᠤᠬᠠᠶ ᠶᠢᠨ ᠦᠶ᠎ᠡ ᠶᠢᠨ ᠠᠵᠢᠯ ᠤᠨ ᠨᠥᠬᠦᠴᠡᠯ ᠪᠠ ᠮᠡᠷᠭᠡᠵᠢᠯ ᠤᠨ ᠬᠢᠷᠢ ᠬᠡᠮᠵᠢᠶ᠎ᠡ ᠵᠡᠷᠭᠡ ᠠᠴᠠ ᠪᠣᠯᠵᠤ᠂ ᠬᠡᠷᠡᠭ ᠢ ᠤᠷᠲᠤ ᠤᠳᠠᠭᠠᠨ ᠬᠤᠭᠤᠴᠠᠭᠠᠨ ᠳᠤ ᠳᠡᠩᠨᠡᠨ ᠢᠯᠡᠷᠡᠭᠦᠯᠵᠦ ᠴᠢᠳᠠᠭ᠎ᠠ ᠦᠭᠡᠢ ᠪᠠᠶᠢᠪᠠ᠃     ︽ᠡᠭᠦᠯᠡᠨ ᠰᠡᠯᠡᠮ᠎ᠡ — 2020︾ ᠠᠴᠠ ᠨᠠᠭᠠᠰᠢ᠂ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠣᠰ ᠬᠡᠷᠡᠭ ᠢ ᠭᠤᠤᠯᠳᠠᠯᠭ᠎ᠠ ᠲᠠᠢ ᠪᠣᠭᠤᠮᠲᠠ ᠰᠢᠪᠲᠤᠯᠬᠤ ᠬᠡᠷᠡᠭ ᠲᠤ ᠳᠠᠬᠢᠨᠲᠠ ᠵᠢᠭᠰᠠᠭᠠᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠾᠧ ᠷᠦᠢ ᠪᠠᠷ ᠳᠤᠭᠤᠶᠢᠯᠠᠩ ᠤᠨ ᠳᠠᠷᠤᠭ᠎ᠠ᠂ ᠳᠡᠳ᠋ ᠲᠣᠪᠴᠢᠶᠠᠨ ᠳᠠᠷᠤᠭ᠎ᠠ ᠴᠠᠩ ᠱᠧᠩ ᠢᠶᠠᠷ ᠳᠡᠳ᠋ ᠳᠤᠭᠤᠶᠢᠯᠠᠩ ᠤᠨ ᠳᠠᠷᠤᠭ᠎ᠠ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠭᠤᠤ ᠵᠧᠨ ᠭᠦᠸᠧ ᠢᠶᠠᠷ ᠬᠠᠷᠢᠭᠤᠴᠠᠯᠭᠠᠲᠠᠨ ᠪᠣᠯᠭᠠᠭᠰᠠᠨ ᠪᠣᠭᠤᠮᠲᠠ ᠰᠢᠪᠲᠤᠯᠬᠤ ᠲᠤᠰᠬᠠᠶ ᠬᠡᠷᠡᠭ ᠤᠨ ᠳᠤᠭᠤᠶᠢᠯᠠᠩ ᠢ ᠪᠠᠶᠢᠭᠤᠯᠵᠤ᠂ ᠲᠣᠰ ᠬᠡᠷᠡᠭ ᠤᠨ ᠮᠠᠲ᠋ᠧᠷᠢᠶᠠᠯ ᠤᠨ ᠪᠣᠳᠠᠰ ᠤᠨ ᠭᠡᠷᠡᠴᠢ ᠶᠢᠨ ᠬᠠᠮᠢᠶ᠎ᠠ ᠪᠥᠬᠦᠶ ᠬᠢᠨᠠᠨ ᠲᠣᠭᠲᠠᠭᠠᠯᠲᠠ ᠶᠢ ᠳᠠᠬᠢᠨ ᠵᠠᠳᠠᠯᠤᠨ ᠰᠤᠳᠤᠯᠤᠨ ᠮᠠᠭᠠᠳᠯᠠᠬᠤ ᠶᠢᠨ ᠬᠠᠮᠲᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠲᠠᠢ ᠨᠢ ᠬᠠᠷᠢᠴᠠᠭᠤᠯᠬᠤ ᠶᠢᠨ ᠬᠠᠮᠲᠤ ᠲᠣᠰ ᠬᠡᠷᠡᠭ ᠢ ᠭᠤᠤᠯᠳᠠᠯᠭ᠎ᠠ ᠲᠠᠢ ᠬᠠᠷᠠᠯᠲᠠ ᠪᠣᠯᠭᠠᠵᠤ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ᠂ ᠰᠦᠯᠵᠢᠶᠡᠨ ᠤ ᠠᠮᠤᠷ ᠲᠦᠪᠰᠢᠨ ᠵᠡᠷᠭᠡ ᠰᠠᠯᠠᠭ᠎ᠠ ᠮᠦᠴᠢᠷ ᠤᠨ ᠰᠢᠯᠢᠳᠡᠭ ᠴᠠᠭᠳᠠᠭ᠎ᠠ ᠶᠢ ᠴᠤᠭᠯᠠᠭᠤᠯᠤᠨ ᠲᠤᠰᠬᠠᠶ ᠬᠡᠷᠡᠭ ᠤᠨ ᠨᠡᠶᠢᠯᠡᠮᠡᠯ ᠬᠦᠴᠦᠨ ᠢᠶᠠᠷ ᠪᠣᠭᠤᠮᠲᠠ ᠰᠢᠪᠳᠤᠯᠪᠠ᠃
 1.JPG  
      ︽ᠵᠠᠭᠤᠨ ᠡᠳᠦᠷ ᠤᠨ ᠠᠵᠢᠯᠯᠠᠭ᠎ᠠ︾ ᠶᠠᠪᠤᠭᠳᠠᠭᠤᠯᠤᠭᠰᠠᠨ ᠠᠴᠠ ᠨᠠᠭᠠᠰᠢ᠂ ᠪᠣᠭᠤᠮᠲᠠ ᠰᠢᠪᠲᠤᠯᠬᠤ ᠲᠤᠰᠬᠠᠶ ᠬᠡᠷᠡᠭ ᠤᠨ ᠳᠤᠭᠤᠶᠢᠯᠠᠩ ᠲᠤᠰ ᠬᠡᠷᠡᠭ ᠤᠨ ᠡᠪᠬᠡᠮᠡᠯ ᠢ ᠳᠠᠬᠢᠨ ᠳᠠᠪᠲᠠᠨ ᠡᠮᠬᠢᠯᠡᠨ ᠰᠣᠳᠤᠯᠵᠤ᠂ ᠲᠤᠬᠠᠶ ᠶᠢᠨ ᠵᠢᠯ ᠤᠨ ᠬᠡᠷᠡᠭ ᠭᠠᠷᠤᠭᠰᠠᠨ ᠲᠠᠯᠠᠪᠠᠢ ᠶᠢ ᠣᠯᠠᠨ ᠤᠳᠠᠭ᠎ᠠ ᠳᠠᠬᠢᠨ ᠳᠠᠪᠲᠠᠨ ᠰᠢᠨᠵᠢᠯᠡᠨ ᠮᠠᠭᠠᠳᠯᠠᠨ᠂ ᠲᠤᠬᠠᠶ ᠶᠢᠨ ᠵᠢᠯ ᠤᠨ ᠬᠡᠷᠡᠭ ᠤᠨ ᠬᠤᠯᠪᠣᠭᠳᠠᠬᠤ ᠬᠥᠮᠦᠨ ᠵᠢᠴᠢ ᠬᠤᠤᠷᠯᠠᠭᠳᠠᠭᠴᠢ ᠶᠢ ᠳᠠᠬᠢᠨ ᠳᠠᠪᠲᠠᠨ ᠵᠢᠭᠰᠠᠭᠠᠨ ᠪᠠᠢᠴᠠᠭᠠᠬᠤ᠂ ᠣᠷᠣ ᠮᠥᠷ ᠪᠣᠳᠠᠰ ᠤᠨ ᠭᠡᠷᠡᠴᠢ ᠶᠢ ᠨᠢᠭᠡᠳ ᠨᠢᠭᠡ ᠪᠠᠷ ᠪᠠᠶᠢᠴᠠᠭᠠᠨ ᠲᠢᠭᠯᠡᠬᠤ᠂ ᠳᠠᠬᠢᠨ ᠳᠠᠪᠲᠠᠨ ᠰᠤᠳᠤᠯᠬᠤ᠂ ᠬᠡᠷᠡᠭ ᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠬᠤᠷᠠᠯ ᠢ ᠤᠯᠠᠨ ᠤᠳᠠᠭ᠎ᠠ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠡᠷᠡᠭ ᠤᠨ ᠲᠤᠬᠠᠶ ᠶᠢᠨ ᠲᠠᠯᠠᠪᠠᠢ ᠶᠢᠨ ᠡᠯ᠎ᠡ ᠨᠠᠷᠢᠨ ᠵᠦᠢᠯᠡᠰ ᠢ ᠳᠠᠬᠢᠨ ᠰᠡᠷᠭᠦᠭᠡᠵᠦ᠂ ᠤᠷᠢᠳ ᠬᠤᠵᠢᠳ ᠣᠯᠠᠨ ᠤᠳᠠᠭ᠎ᠠ ᠪᠠᠶᠢᠴᠠᠭᠠᠯᠲᠠ ᠶᠢᠨ ᠮᠠᠲ᠋ᠧᠷᠢᠶᠠᠯ ᠢ ᠳᠣᠲᠣᠭᠠᠳᠤ ᠶᠢ ᠬᠠᠮᠠᠭᠠᠯᠠᠬᠤ ᠶᠠᠮᠤᠨ ᠤ ᠪᠣᠳᠠᠰ ᠤᠨ ᠭᠡᠷᠡᠴᠢ ᠶᠢ ᠬᠢᠨᠠᠨ ᠲᠣᠭᠲᠠᠭᠠᠬᠤ ᠲᠥᠪ ᠲᠤ ᠬᠦᠷᠭᠡᠨ ᠰᠢᠯᠭᠠᠨ ᠪᠠᠶᠢᠴᠠᠭᠠᠯᠭᠠᠨ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠬᠢᠨ ᠪᠠᠶᠢᠴᠠᠭᠠᠵᠤ ᠰᠢᠯᠭᠠᠨ ᠲᠣᠭᠲᠠᠭᠠᠬᠤ ᠬᠠᠷᠢᠴᠠᠭᠤᠯᠤᠯ᠂ ᠮᠡᠷᠭᠡᠵᠢᠯ ᠤᠨ ᠠᠵᠢᠯᠲᠠᠨ ᠤ ᠳᠠᠬᠢᠨ ᠳᠠᠪᠲᠠᠨ ᠰᠤᠳᠤᠯᠬᠤ ᠪᠠᠷ ᠳᠠᠮᠵᠢᠨ᠂ ᠬᠡᠷᠡᠭ ᠢ ᠲᠠᠩᠨᠠᠨ ᠢᠯᠡᠷᠡᠭᠦᠯᠬᠦ ᠳᠤ ᠬᠥᠲᠥᠯᠥᠨ ᠵᠢᠯᠣᠭᠤᠳᠴᠤ ᠲᠤᠯᠭᠠᠭᠤᠷᠢᠯᠠᠬᠤ ᠪᠠ ᠬᠡᠷᠡᠭ ᠲᠣᠭᠲᠠᠭᠠᠬᠤ ᠪᠠᠲᠤ ᠭᠡᠷᠡᠴᠢ ᠬᠠᠩᠭᠠᠪᠠ᠃
 A21A2757.JPG 
      ᠴᠢᠷᠮᠠᠶᠢᠯᠭ᠎ᠠ ᠬᠥᠮᠦᠨ ᠢ ᠭᠤᠮᠣᠳᠠᠭᠠᠬᠤ ᠥᠬᠡᠶ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠤᠨ ᠲᠤᠯᠭᠠᠭᠤᠷᠢᠯᠠᠯ ᠳᠤᠤᠷ᠎ᠠ᠂ ᠲᠤᠰᠬᠠᠶ ᠬᠡᠷᠡᠭ ᠤᠨ ᠳᠤᠭᠤᠶᠢᠯᠠᠩ ᠤᠨ ᠬᠡᠳᠦᠨ ᠰᠠᠷ᠎ᠠ ᠶᠢᠨ ᠰᠤᠳᠤᠯᠤᠨ ᠮᠠᠭᠠᠳᠯᠠᠯᠲᠠ᠂ ᠬᠠᠷᠢᠴᠠᠭᠤᠯᠤᠯ ᠢᠶᠠᠷ ᠳᠡᠮᠵᠢᠨ᠂ ᠬᠡᠷᠡᠭ ᠢ ᠴᠢᠬᠤᠯᠠ ᠶᠡᠭᠡ ᠡᠷᠭᠢᠯᠲᠡ ᠲᠠᠢ ᠪᠣᠯᠭᠠᠵᠤ᠂ ᠶᠠᠯ᠎ᠠ ᠬᠢᠭᠰᠡᠨ ᠰᠡᠵᠢᠭᠳᠡᠨ ᠢ ᠵᠢᠭᠰᠠᠭᠠᠨ ᠪᠠᠶᠢᠴᠠᠭᠠᠬᠤ ᠬᠡᠪᠴᠢᠶ᠎ᠡ ᠶᠢ ᠪᠠᠭᠠᠰᠬᠠᠪᠠ᠃ 8 ᠳ᠋ᠤᠭᠠᠷ ᠰᠠᠷ᠎ᠠ ᠶᠢᠨ 23 ᠤ ᠡᠳᠦᠷ᠂ ᠲᠤᠰᠬᠠᠶ ᠬᠡᠷᠡᠭ ᠤᠨ ᠳᠤᠭᠤᠶᠢᠯᠠᠩ ᠭᠠᠨᠰᠦ ᠮᠤᠵᠢ ᠶᠢᠨ ᠡᠦ ᠸᠧᠶ ᠬᠤᠲᠠ ᠳᠤ ᠬᠦᠷᠴᠦ᠂ ᠵᠢᠭᠰᠠᠭᠠᠨ ᠪᠠᠶᠢᠴᠠᠭᠠᠵᠤ ᠰᠤᠷᠪᠤᠯᠵᠢᠯᠠᠬᠤ ᠵᠡᠷᠭᠡ ᠬᠠᠮᠢᠶ᠎ᠠ ᠪᠦᠬᠦᠢ ᠠᠵᠢᠯ ᠢ ᠤᠯᠠᠮ ᠨᠢᠭᠡ ᠠᠯᠬᠤᠮ ᠥᠷᠨᠢᠭᠦᠯᠪᠡ᠃ ᠡᠤ ᠸᠧᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠪᠰᠤᠷᠤᠯᠭ᠎ᠠ ᠳᠤᠤᠷ᠎ᠠ᠂ ᠪᠣᠳᠠᠰ ᠤᠨ ᠭᠡᠷᠡᠴᠢ ᠳᠤ ᠤᠯᠠᠮ ᠨᠢᠭᠡ ᠠᠯᠬᠤᠮ ᠪᠠᠢᠴᠠᠭᠠᠯᠲᠠ ᠬᠢᠵᠦ᠂ ᠬᠠᠮᠲᠤ ᠳᠤ ᠨᠢ ᠪᠠᠶᠢᠴᠠᠭᠠᠯᠲᠠ ᠶᠢᠨ ᠮᠡᠳᠡᠭᠦᠯᠦᠯᠲᠡ ᠳᠤ ᠬᠠᠷᠢᠴᠠᠭᠤᠯᠤᠯ ᠬᠢᠪᠡ᠃ ᠲᠤᠬᠠᠶ ᠶᠢᠨ ᠭᠠᠵᠠᠷ ᠤᠨ ᠬᠥᠮᠦᠨ ᠵᠢᠴᠢ ᠰᠢᠨᠵᠢᠶᠠᠩ ᠳᠤ ᠲᠦᠷ ᠰᠠᠭᠤᠵᠤ ᠪᠠᠶᠢᠭ᠎ᠠ ᠡᠤ ᠸᠧᠶ ᠬᠥᠮᠦᠨ ᠬᠡᠷᠡᠭ ᠬᠢᠬᠦ ᠪᠣᠯᠤᠯᠴᠠᠭ᠎ᠠ ᠲᠠᠢ᠂ ᠰᠧᠴᠤᠸᠠᠨ ᠤ ᠫᠦᠵᠢᠶᠠᠩ ᠰᠢᠶᠠᠨ ᠤ ᠭᠦᠸᠧ ᠣᠪᠣᠭᠲᠤ ᠬᠡᠷᠡᠭ ᠬᠢᠭᠰᠡᠨ ᠰᠡᠵᠢᠭ ᠲᠠᠢ ᠪᠠᠶᠢᠬᠤ ᠶᠢ ᠲᠣᠭᠲᠠᠭᠠᠪᠠ᠃ ᠲᠤᠰᠬᠠᠶ ᠬᠡᠷᠡᠭ ᠤᠨ ᠳᠤᠭᠤᠶᠢᠯᠠᠩ ᠨᠢᠭᠡ ᠯᠡ ᠠᠮᠢᠰᠬᠤᠭ᠎ᠠ ᠪᠠᠷ᠂ ᠡᠨᠡ ᠵᠢᠯ ᠤᠨ 9 ᠳ᠋ᠦ᠋ᠭᠡᠷ ᠰᠠᠷ᠎ᠠ ᠶᠢᠨ 10 ᠤ ᠡᠳᠦᠷ᠂ ᠲᠡᠷᠭᠡ ᠵᠢᠯᠤᠭᠤᠳᠤᠨ ᠰᠧᠴᠤᠸᠠᠨ ᠤ ᠴᠢᠶᠦ᠋ᠩ ᠯᠠᠢ᠂ ᠫᠦᠵᠢᠶᠠᠩ ᠳᠤ ᠬᠦᠷᠴᠦ ᠭᠦᠸᠧ ᠣᠪᠣᠭᠲᠤ ᠶᠢᠨ ᠤᠳᠤᠮ ᠤᠭᠰᠠᠭ᠎ᠠ ᠶᠢ ᠵᠢᠭᠰᠠᠭᠠᠨ ᠪᠠᠶᠢᠴᠠᠭᠠᠪᠠ᠃ 9 ᠳ᠋ᠦ᠋ᠭᠡᠷ ᠰᠠᠷ᠎ᠠ ᠶᠢᠨ 22 ᠤᠨ ᠡᠳᠦᠷ᠂ ᠰᠢᠯᠭᠠᠨ ᠪᠠᠶᠢᠴᠠᠭᠠᠯᠲᠠ ᠪᠠᠷ᠂ ᠫᠦᠵᠢᠶᠠᠩ ᠰᠢᠶᠠᠨ ᠤ ᠰᠢ ᠯᠠᠶ ᠪᠠᠯᠭᠠᠰᠤᠨ ᠳᠤ ᠰᠠᠭᠤᠵᠤ ᠪᠠᠶᠢᠭ᠎ᠠ ᠭᠦᠸᠧ ᠣᠪᠣᠭᠲᠤ ᠪᠣᠯ ᠲᠤᠰ ᠬᠡᠷᠡᠭ ᠤᠨ ᠬᠦᠨᠳᠦ ᠶᠡᠭᠡ ᠰᠡᠵᠢᠭᠳᠡᠨ ᠪᠣᠯᠤᠭᠰᠠᠨ ᠪᠠᠶᠢᠪᠠ᠃ ᠤᠷᠤᠢ ᠶᠢᠨ 19 ᠴᠠᠭ ᠤᠨ ᠦᠶ᠎ᠡ ᠪᠠᠷ᠂ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠦᠴᠦᠲᠡᠶ ᠳᠡᠮᠵᠢᠯᠭᠡ ᠪᠠ ᠢᠳᠡᠪᠬᠢᠲᠡᠶ ᠬᠠᠮᠵᠢᠯᠴᠠᠭ᠎ᠠ ᠳᠤᠤᠷ᠎ᠠ᠂ ᠲᠤᠰᠬᠠᠶ ᠬᠡᠷᠡᠭ ᠤᠨ ᠴᠠᠭᠳᠠᠭ᠎ᠠ 3 ᠴᠠᠭ ᠤᠨ ᠭᠡᠳᠡᠨ ᠬᠦᠯᠢᠶᠡᠵᠦ᠂ ᠶᠠᠯ᠎ᠠ ᠬᠢᠭᠰᠡᠨ ᠰᠡᠵᠢᠭᠳᠡᠨ ᠭᠦᠸᠧ ᠣᠪᠣᠭᠲᠤ ᠶᠢ ᠭᠡᠷ ᠲᠤ ᠨᠢ ᠪᠠᠷᠢᠪᠴᠢᠯᠠᠪᠠ᠃ 8 ᠴᠠᠭ ᠤᠨ ᠭᠡᠨᠡᠳᠲᠡ ᠶᠢᠨ ᠰᠢᠭᠦᠯᠲᠡ ᠪᠠᠷ ᠳᠠᠮᠵᠢᠨ᠂ ᠶᠠᠯ᠎ᠠ ᠬᠢᠭᠰᠡᠨ ᠰᠡᠵᠢᠭᠳᠡᠨ ᠲᠤᠬᠠᠶ ᠶᠢᠨ ᠵᠢᠯ ᠤᠨ ᠶᠠᠯ᠎ᠠ ᠬᠢᠭᠰᠡᠨ ᠪᠣᠳᠠᠲᠤ ᠶᠠᠪᠤᠳᠠᠯ ᠢᠶᠠᠨ ᠮᠡᠳᠡᠷᠡᠵᠦ᠂ ᠪᠠᠰᠠ ᠨᠢᠭᠡ ᠬᠡᠷᠡᠭ ᠬᠢᠭᠰᠡᠨ ᠲᠤᠰ ᠭᠠᠴᠠᠭᠠᠨ ᠤ ᠾᠧ ᠣᠪᠣᠭᠲᠤ ᠶᠢ ᠥᠴᠢᠭᠯᠡᠪᠡ᠃ ᠲᠤᠰᠬᠠᠶ ᠬᠡᠷᠡᠭ ᠤᠨ ᠳᠤᠭᠤᠶᠢᠯᠠᠩ ᠪᠠᠰᠠ ᠪᠠᠷᠢᠪᠴᠢᠯᠠᠬᠤ ᠨᠠᠷᠢᠨ ᠨᠢᠭᠲᠠ ᠲᠥᠯᠥᠪᠯᠡᠭᠡ ᠲᠣᠭᠲᠠᠭᠠᠵᠤ᠂ ᠳᠠᠷᠠᠭ᠎ᠠ ᠡᠳᠦᠷ ᠤᠨ 7 ᠴᠠᠭ ᠤᠨ ᠦᠶ᠎ᠡ ᠪᠠᠷ ᠰᠠᠶ᠋ᠢᠬᠠᠨ ᠠᠵᠢᠯ ᠠᠴᠠ ᠪᠠᠨ ᠪᠠᠭᠤᠵᠤ ᠴᠠᠬᠢᠯᠭᠠᠨ ᠬᠥᠳᠡᠯᠭᠡᠭᠦᠷᠲᠦ ᠲᠡᠷᠭᠡ ᠣᠨᠣᠭᠠᠳ ᠬᠡᠷ ᠲᠤ ᠪᠠᠨ ᠢᠷᠡᠭᠰᠡᠨ ᠾᠧ ᠣᠪᠣᠭᠲᠤ ᠶᠢ ᠪᠠᠷᠢᠵᠤ ᠠᠪᠴᠠᠶ᠃ ᠰᠢᠭᠦᠨ ᠠᠰᠠᠭᠤᠭᠰᠠᠨ ᠳᠤ ᠾᠧ ᠣᠪᠣᠭᠲᠤ 2001 ᠣᠨ ᠤ 5 ᠳ᠋ᠤᠭᠠᠷ ᠰᠠᠷ᠎ᠠ ᠶᠢᠨ 27 ᠤ ᠡᠳᠦᠷ ᠭᠦᠸᠧ ᠣᠪᠣᠭᠲᠤ ᠲᠠᠢ ᠬᠠᠮᠲᠤ ᠪᠤᠯᠢᠶᠠᠨ ᠳᠡᠭᠡᠷᠡᠮᠳᠡᠬᠦ ᠪᠠᠷ ᠵᠣᠷᠢᠯᠭ᠎ᠠ ᠪᠣᠯᠭᠠᠵᠤ᠂ ᠪᠠᠶ ᠣᠪᠣᠭᠲᠤ ᠡᠷ᠎ᠡ ᠡᠮ᠎ᠡ ᠬᠤᠶᠠᠭᠤᠯᠠ ᠶᠢ ᠴᠠᠪᠴᠢᠵᠤ ᠭᠡᠮᠲᠦᠭᠡᠭᠰᠡᠨ ᠶᠠᠯ᠎ᠠ ᠶᠢᠨ ᠪᠣᠳᠠᠲᠤ ᠬᠡᠷᠡᠭ ᠢᠶᠠᠨ ᠥᠴᠢᠭᠯᠡᠨ ᠮᠡᠳᠡᠷᠡᠪᠡ᠃      ᠢᠩᠭᠢᠭᠡᠳ 21 ᠵᠢᠯ ᠤᠨ ᠡᠮᠦᠨᠡᠬᠢ ᠠᠮᠢᠨ ᠬᠡᠷᠡᠭ ᠢ ᠠᠮᠵᠢᠯᠲᠠ ᠲᠠᠢ ᠢᠯᠡᠷᠡᠭᠦᠯᠪᠡ︕     
ᠢᠷᠡᠯᠲᠡ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ