ᠬᠤᠲᠣᠩ ᠲᠣᠭᠤᠷᠢᠭ ᠤᠨ ᠲᠣᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠴᠠᠭᠳᠠᠭ᠎ᠠ ᠨᠠᠷ ᠬᠢᠵᠢᠭ ᠢ ᠰᠡᠷᠭᠡᠶᠢᠯᠡᠬᠦ ᠬᠤᠭᠤᠴᠠᠭᠠᠨ ᠳᠤ 4 ᠤᠳᠠᠭᠠᠨ ᠤ ᠭᠡᠷ ᠲᠤ ᠣᠷᠣᠵᠤ ᠬᠤᠯᠠᠭᠠᠶᠢᠯᠠᠭᠰᠠᠨ ᠬᠡᠷᠡᠭ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2022/11/20
      9 ᠳ᠋ᠦ᠋ᠭᠡᠷ ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠬᠤᠲᠣᠩ ᠲᠣᠭᠤᠷᠢᠭ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠬᠢᠮᠢ ᠶᠢᠨ ᠠᠵᠤ ᠦᠢᠯᠡᠳᠪᠦᠷᠢ ᠶᠢᠨ ᠵᠠᠮ ᠳᠠᠬᠢ ᠲᠣᠮᠢᠯᠠᠭᠰᠠᠨ ᠰᠠᠯᠪᠤᠷᠢ ᠶᠢᠨ ᠺᠦᠩ ᠵᠢᠶᠠ ᠶᠢᠩ ᠪᠠᠷᠠᠭᠤᠨ ᠲᠣᠭᠤᠷᠢᠭ ᠤᠨ ᠤᠶᠢᠷᠠᠯᠴᠠᠭ᠎ᠠ ᠵᠠᠯᠭᠠᠭ᠎ᠠ ᠪᠠᠷ 2 ᠤᠳᠠᠭᠠᠨ ᠤ ᠭᠡᠷ ᠲᠤ ᠣᠷᠣᠵᠤ ᠬᠤᠯᠠᠭᠠᠶᠢᠯᠠᠭᠰᠠᠨ ᠬᠡᠷᠡᠭ ᠡᠭᠦᠰᠴᠦ᠂ ᠬᠤᠯᠠᠭᠠᠶᠢᠯᠠᠭᠳᠠᠭᠰᠠᠨ ᠡᠳ᠋ ᠬᠤᠭᠰᠢᠯ ᠪᠠᠷᠤᠭ ᠲᠦᠮᠡᠨ ᠲᠥᠭᠦᠷᠢᠭ ᠲᠤ ᠬᠦᠷᠴᠡᠢ᠃
回民区警方战“疫”期间再破4起入室盗窃案照片1.jpg
      ᠬᠡᠷᠡᠭ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ ᠴᠠᠭᠳᠠᠭ᠎ᠠ ᠨᠠᠷ ᠬᠡᠷᠡᠭ ᠢ ᠰᠢᠢᠳᠪᠦᠷᠢᠯᠡᠬᠦ ᠠᠵᠢᠯ ᠢ ᠦᠳᠲᠡᠷ ᠲᠦᠷᠭᠡᠨ ᠥᠷᠨᠢᠭᠦᠯᠪᠡ᠃ ᠬᠡᠷᠡᠭ ᠡᠭᠦᠰᠦᠭᠰᠡᠨ ᠭᠠᠵᠠᠷ ᠨᠢ ᠬᠤᠲᠠᠨ ᠳᠣᠲᠣᠷᠠᠬᠢ ᠲᠣᠰᠬᠤᠨ ᠤ ᠪᠠᠶᠢᠰᠢᠩᠲᠤ ᠣᠷᠣᠨ ᠪᠠᠶᠢᠵᠤ᠂ ᠳᠤᠷᠠᠨᠳᠠᠭᠤᠷ᠂ ᠬᠢᠨᠠᠨ ᠡᠵᠡᠮᠳᠡᠭᠦᠷ ᠵᠡᠷᠭᠡ ᠣᠳᠣᠬᠢᠴᠢᠯᠠᠭᠰᠠᠨ ᠲᠣᠨᠤᠭ ᠲᠥᠬᠦᠭᠡᠷᠦᠮᠵᠢ ᠬᠡᠲᠦ ᠴᠦᠬᠡᠨ ᠮᠥᠷᠲᠡᠭᠡᠨ᠂ ᠲᠣᠰ ᠰᠠᠭᠤᠭᠠᠯᠢ ᠲᠣᠭᠤᠷᠢᠭ ᠲᠤ ᠭᠠᠳᠠᠨ᠎ᠠ ᠣᠷᠣᠨ ᠠᠴᠠ ᠢᠷᠡᠭᠡᠳ ᠲᠦᠷ ᠴᠠᠭ ᠭᠡᠷ ᠲᠦᠷᠢᠶᠡᠰᠦᠯᠡᠵᠤ ᠰᠠᠭᠤᠷᠢᠰᠢᠭ᠎ᠠ ᠰᠠᠭᠤᠭᠠᠯᠢ ᠠᠷᠠᠳ ᠣᠯᠠᠨ᠂ ᠬᠥᠮᠥᠨ ᠠᠮᠠ ᠶᠢᠨ ᠪᠦᠷᠢᠯᠳᠦᠭᠦᠨ ᠬᠡᠲᠦ ᠪᠤᠳᠤᠯᠢᠶᠠᠨᠲᠠᠢ ᠪᠥᠭᠡᠳ ᠰᠢᠨ᠎ᠡ ᠬᠡᠯᠪᠡᠷᠢ ᠶᠢᠨ ᠲᠢᠳᠢᠮᠯᠢᠭ ᠠᠭᠤᠰᠬᠢᠨ ᠦᠷᠪᠢᠰᠦᠯ ᠬᠢᠵᠢᠭ ᠦᠷᠪᠢᠰᠴᠦ ᠳᠡᠯᠭᠡᠷᠡᠵᠤ ᠪᠠᠶᠢᠭ᠎ᠠ ᠴᠠᠭ ᠪᠣᠯᠬᠤᠷ ᠴᠠᠭᠳᠠᠭ᠎ᠠ ᠨᠠᠷ ᠤᠨ ᠬᠡᠷᠡᠭ ᠰᠢᠢᠳᠪᠦᠷᠢᠯᠡᠬᠦ ᠳᠤ ᠮᠠᠰᠢ ᠣᠯᠠᠨ ᠬᠦᠴᠢᠷ ᠤᠴᠠᠷᠠᠭᠤᠯᠵᠠᠢ᠃
回民区警方战“疫”期间再破4起入室盗窃案照片3.jpg
      ᠬᠦᠨᠳᠦ ᠨᠣᠴᠢᠲᠠᠢ ᠬᠢᠵᠢᠭ ᠤᠨ ᠦᠶᠡᠰ ᠠᠷᠠᠳ ᠣᠯᠠᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠴᠠᠭᠳᠠᠭ᠎ᠠ ᠨᠠᠷ ︽ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠪᠣᠳᠠᠲᠠᠢ ᠠᠵᠢᠯᠯᠠᠭᠠᠨ ᠳᠤ ᠪᠠᠨ ᠲᠤᠭᠤᠰᠢᠯᠠᠭᠤᠯᠤᠨ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠣᠯᠠᠨ ᠵᠦᠢᠯ ᠤᠨ ᠲᠠᠩᠨᠠᠨ ᠮᠥᠷᠳᠡᠬᠦ ᠠᠷᠭ᠎ᠠ ᠠᠪᠴᠠᠯ ᠢ ᠣᠷᠭᠠᠨᠢᠭ ᠢᠶᠠᠷ ᠤᠶᠠᠯᠳᠤᠭᠤᠯᠤᠨ᠂ ᠵᠠᠯᠭᠠᠭ᠎ᠠ ᠪᠠᠷ ᠬᠡᠳᠦᠨ ᠡᠳᠦᠷ ᠬᠢᠨᠠᠮᠠᠭᠠᠢ ᠠᠳᠠᠯᠢᠳᠬᠠᠵᠤ ᠬᠠᠷᠢᠴᠠᠭᠤᠯᠤᠨ ᠨᠢᠮᠪᠠᠢ ᠳ᠋ᠦᠩᠨᠡᠭᠰᠡᠨ ᠤ ᠰᠠᠭᠤᠷᠢᠨ ᠳᠡᠭᠡᠷ᠎ᠡ ᠷᠧᠨ ᠣᠪᠣᠭᠲᠠᠨ ᠢ ᠠᠮᠵᠢᠯᠲᠠ ᠲᠠᠢ ᠪᠠᠷᠢᠪᠴᠢᠯᠠᠪᠠ᠃     ᠰᠢᠭᠦᠨ ᠪᠠᠶᠢᠴᠠᠭᠠᠬᠤ ᠪᠠᠷ ᠳᠠᠮᠵᠢᠨ᠂ ᠷᠧᠨ ᠣᠪᠣᠭᠲᠠᠨ ᠥᠪᠡᠷ ᠤᠨ ᠣᠨᠢᠰᠤ ᠡᠪᠳᠡᠨ ᠭᠡᠷ ᠲᠤ ᠣᠷᠣᠵᠤ ᠬᠤᠯᠠᠭᠠᠶᠢᠯᠠᠭᠰᠠᠨ ᠬᠡᠷᠡᠭ ᠢᠶᠠᠨ ᠦᠨᠡᠨ ᠮᠥᠨ ᠢᠶᠠᠷ  ᠨᠢ ᠲᠤᠰᠢᠶᠠᠪᠠ᠂ ᠴᠠᠭᠳᠠᠭ᠎ᠠ ᠨᠠᠷ ᠦᠷᠭᠦᠯᠵᠢᠯᠡᠨ ᠲᠡᠭᠦᠨ ᠳᠤ ᠦᠵᠡᠯ ᠰᠠᠨᠠᠭᠠᠨ ᠤ ᠠᠵᠢᠯ ᠬᠢᠵᠦ᠂ ᠬᠢᠨᠠᠮᠠᠭᠠᠢ ᠰᠢᠭᠦᠭᠰᠡᠨ ᠤ ᠳ᠋ᠦᠩ ᠳᠤ᠂ ᠲᠡᠷᠡ ᠡᠮᠦᠨ᠎ᠡ ᠨᠢ 2 ᠤᠳᠠᠭ᠎ᠠ ᠭᠡᠷ ᠲᠤ ᠣᠷᠣᠵᠤ ᠬᠤᠯᠠᠭᠠᠶᠢᠯᠠᠭᠰᠠᠨ ᠬᠡᠷᠡᠭ ᠢᠶᠠᠨ ᠲᠤᠰᠢᠶᠠᠪᠠ᠃ ᠡᠭᠦᠨᠴᠡ ᠷᠧᠨ ᠣᠪᠣᠭᠲᠠᠨ ᠤ 4 ᠤᠳᠠᠭᠠᠨ ᠤ ᠭᠡᠷ ᠲᠤ ᠣᠷᠣᠵᠤ ᠬᠤᠯᠠᠭᠠᠶᠢᠯᠠᠭᠰᠠᠨ ᠬᠡᠷᠡᠭ ᠢ ᠠᠮᠵᠢᠯᠲᠠ ᠲᠠᠢ ᠰᠢᠢᠳᠪᠦᠷᠢᠯᠡᠪᠡ᠃ ᠲᠣᠰ ᠬᠡᠷᠡᠭ ᠢ ᠤᠯᠠᠮ ᠨᠢᠭᠡ ᠠᠯᠬᠤᠮ ᠲᠠᠩᠨᠠᠨ ᠪᠠᠶᠢᠴᠠᠭᠠᠵᠤ ᠪᠠᠶᠢᠨ᠎ᠠ᠃   
ᠢᠷᠡᠯᠲᠡ᠄ ᠲᠣᠲᠣᠷᠬᠠᠢ ᠦᠭᠡᠢ