ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2022/11/20
     ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠣᠭᠤᠮᠲᠠ ᠰᠢᠪᠲᠤᠯᠬᠤ ᠱᠠᠲᠤᠨ ᠳᠤ ᠣᠷᠣᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠠᠵᠢᠯ ᠤᠨ ᠣᠶᠢᠯᠠᠭᠠᠭᠳᠠᠬᠤᠨ ᠢ ᠤᠯᠠᠮ ᠴᠢᠨᠠᠭᠰᠢᠳᠠ ᠪᠠᠲᠤ ᠪᠣᠶ ᠪᠣᠯᠭᠠᠵᠤ᠂ ᠬᠠᠮᠤᠭ ᠤᠨ ᠥᠨᠳᠥᠷ ᠵᠣᠭᠰᠣᠴᠠ᠂ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ᠂ ᠬᠠᠮᠤᠭ ᠤᠨ ᠴᠢᠩᠭ᠎ᠠ ᠰᠠᠬᠢᠯᠭ᠎ᠠ ᠪᠠᠲᠤ᠂ ᠬᠠᠮᠤᠭ ᠤᠨ ᠬᠠᠲᠠᠭᠤ ᠰᠤᠷᠲᠠᠯ ᠢᠶᠠᠷ ᠳᠡᠭᠡᠳᠦ ᠳᠤᠤᠷᠠᠳᠤ ᠱᠠᠲᠤ ᠪᠠᠷ ᠢᠶᠠᠨ ᠰᠡᠳᠬᠢᠯ ᠨᠢᠭᠡᠳᠴᠦ᠂ ᠥᠷᠭᠡᠨ ᠣᠯᠠᠨ ᠢᠶᠠᠷ ᠢᠶᠠᠨ ᠲᠡᠮᠦᠷ ᠬᠡᠷᠡᠮ ᠪᠣᠯᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃
 疫情防控1.jpg  
     10 ᠳ᠋ᠤᠭᠠᠷ ᠰᠠᠷ᠎ᠠ ᠶᠢᠨ 9 ᠠᠴᠠ 11 ᠤ ᠡᠳᠦᠷ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠵᠣᠣ ᠯᠢᠶᠠᠩ ᠵᠠᠮ ᠬᠠᠷᠢᠯᠴᠠᠭᠠᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠪᠥᠬᠦ ᠬᠤᠰᠢᠭᠤᠨ ᠤ ᠡᠯ᠎ᠡ ᠭᠤᠤᠯ ᠪᠣᠯᠬᠤ ᠵᠠᠮ ᠬᠠᠷᠢᠯᠴᠠᠭᠠᠨ ᠤ ᠬᠠᠷᠠᠭᠤᠯ ᠤᠨ ᠬᠠᠮᠢᠶᠠᠷᠤᠯᠲᠠ ᠡᠵᠡᠮᠳᠡᠯ ᠤᠨ ᠪᠠᠶᠢᠳᠠᠯ ᠢ ᠲᠤᠬᠠᠶ ᠶᠢᠨ ᠭᠠᠵᠠᠷ ᠲᠤ ᠨᠢ ᠬᠢᠨᠠᠨ ᠵᠢᠯᠣᠭᠤᠳᠴᠤ᠂ ᠡᠯ᠎ᠡ ᠬᠠᠷᠠᠭᠤᠯ ᠤᠨ ᠲᠡᠷᠭᠡ ᠶᠢᠨ ᠵᠢᠭᠰᠠᠭᠠᠨ ᠪᠠᠶᠢᠴᠠᠭᠠᠯᠲᠠ᠂ ᠠᠵᠢᠯᠲᠠᠨ ᠤ ᠲᠣᠬᠢᠷᠠᠭᠤᠯᠤᠯᠲᠠ᠂ ᠺᠣᠳ᠋ ᠰᠢᠷᠪᠢᠵᠦ ᠪᠠᠶᠢᠴᠠᠭᠠᠨ ᠰᠢᠯᠭᠠᠬᠤ᠂ ᠵᠢᠵᠢᠭᠦᠷᠯᠡᠨ ᠰᠠᠬᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠠᠷᠠᠭᠤᠯ ᠤᠨ ᠠᠵᠢᠯᠲᠠᠨ ᠤ ᠠᠵᠢᠯ ᠤᠨ ᠶᠠᠪᠤᠴᠠ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠪᠡ᠃ ᠲᠡᠷᠡ᠂ ᠣᠶᠢᠷ᠎ᠠ ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠨ᠎ᠠ᠂ ᠵᠠᠮ ᠬᠠᠷᠢᠯᠴᠠᠭᠠᠨ ᠤ ᠪᠣᠭᠤᠮᠲᠠ ᠪᠣᠯ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠤᠨ᠎ᠠ᠂ ᠪᠤᠭᠤᠲᠤ ᠬᠤᠲᠠ ᠶᠢᠨ ᠬᠢᠵᠢᠭ ᠤᠨ ᠪᠠᠶᠢᠳᠠᠯ ᠢ ᠵᠢᠯᠣᠭᠤᠳᠬᠤ ᠭᠠᠵᠠᠷ ᠤᠨ 28 ᠳ᠋ᠤᠭᠠᠷ ᠲᠣᠭᠠᠲᠤ᠂ 29 ᠳ᠋ᠦ᠋ᠭᠡᠷ ᠲᠣᠭᠠᠲᠤ ᠵᠠᠷᠯᠠᠯ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠨᠢᠮᠪᠠᠶ ᠰᠠᠶᠢᠲᠤᠷ ᠠᠳᠬᠤᠵᠤ᠂ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠠᠵᠢᠯ ᠤᠨ ᠪᠠᠶᠢᠷᠢ ᠪᠠᠨ ᠪᠠᠲᠤ ᠰᠠᠬᠢᠬᠤ ᠶᠢᠨ ᠵᠡᠷᠭᠡ ᠪᠠᠷ ᠠᠮᠤᠷ ᠲᠦᠪᠰᠢᠨ ᠢ ᠠᠩᠬᠠᠷᠴᠤ᠂ ᠲᠤᠰ ᠪᠡᠶ᠎ᠡ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠶᠢ ᠭᠠᠷᠮᠠᠭᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 疫情防控4.jpg  
      ᠵᠠᠮ ᠳᠡᠭᠡᠷᠡᠬᠢ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ ᠶᠢ ᠴᠢᠩᠭᠠᠳᠬᠠᠵᠤ᠂ ᠢᠳᠬᠠᠨ ᠪᠤᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠥᠬᠦ ᠬᠤᠰᠢᠭᠤᠨ ᠤ ᠨᠠᠮ ᠵᠢᠮ ᠬᠠᠮᠢᠶᠠᠷᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠰᠠᠭᠤᠭᠠᠯᠢ ᠠᠷᠠᠳ ᠤᠨ ᠲᠣᠭᠤᠷᠢᠭ ᠢ ᠪᠢᠲᠡᠭᠦᠮᠵᠢᠯᠡᠨ ᠡᠵᠡᠮᠳᠡᠭᠰᠡᠨ ᠰᠠᠭᠤᠷᠢᠨ ᠳᠡᠭᠡᠷ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠬᠦᠴᠦᠨ ᠢ ᠲᠣᠬᠢᠷᠠᠭᠤᠯᠤᠨ ︽ᠡᠳᠦᠷ + ᠰᠦᠨᠢ︾ ᠵᠠᠭᠪᠤᠷ ᠢᠶᠠᠷ ᠬᠠᠷᠢᠶᠠᠲᠤ ᠣᠷᠣᠨ ᠤ ᠲᠡᠷᠭᠡ ᠤᠨᠤᠭ᠎ᠠ ᠶᠠᠪᠠᠭᠠᠨ ᠬᠥᠮᠦᠨ ᠢ ᠢᠳᠬᠠᠨ ᠪᠤᠴᠠᠭᠠᠬᠤ ᠠᠵᠢᠯ ᠢ ᠥᠷᠨᠢᠭᠦᠯᠵᠦ᠂ ᠬᠥᠮᠦᠨ ᠬᠠᠷ᠎ᠠ ᠵᠢᠴᠢ ᠲᠡᠷᠭᠡ ᠬᠥᠰᠬᠡ ᠶᠢᠨ ᠶᠠᠪᠤᠵᠤ ᠰᠠᠭᠤᠬᠤ ᠠᠴᠠ ᠪᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠶᠢ ᠦᠨᠡᠨ ᠬᠦ ᠪᠠᠭᠠᠰᠬᠠᠪᠠ᠃   
ᠢᠷᠡᠯᠲᠡ᠄ ᠪᠣᠭᠤᠳᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ