︽ᠬᠠᠷ᠎ᠠ ᠬᠥᠬᠡ ᠥᠩᠭᠡᠲᠦ︾ ᠬᠢᠵᠢᠭ ᠤᠨ ᠪᠠᠶᠢᠳᠠᠯ ᠤᠨ ᠡᠵᠡᠮᠳᠡᠬᠦ ︽ᠬᠠᠯᠬᠠᠪᠴᠢ ᠬᠡᠷᠡᠮ︾ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2022/11/20
      ᠡᠶᠢᠮᠦ ᠨᠢᠭᠡ ᠪᠦᠯᠦᠭ ᠬᠥᠮᠦᠨ ᠭᠠᠵᠠᠷ ᠪᠣᠯᠭᠠᠨ ᠳᠤ ᠬᠠᠷᠠᠭᠳᠠᠵᠤ᠂ ᠲᠡᠳᠡ ᠨᠠᠷ ᠤᠨ ᠦᠢᠯᠡ ᠠᠵᠢᠯᠯᠠᠭ᠎ᠠ ᠪᠦᠬᠦ ᠬᠤᠲᠠ ᠶᠢ ᠭᠡᠷᠡᠯᠲᠦᠭᠦᠯᠪᠡ᠃ ᠡᠳᠦᠷ ᠰᠥᠨᠢ ᠢᠯᠭᠠᠯ ᠦᠭᠡᠢ᠂ ᠵᠢᠵᠢᠭᠦᠷᠯᠡᠬᠦ ᠴᠡᠭ ᠠᠴᠠ ᠲᠡᠳᠡᠨ ᠤ ᠨᠠᠭᠠᠰᠢ ᠴᠠᠭᠠᠰᠢ ᠶᠠᠪᠤᠵᠤ ᠪᠠᠶᠢᠭ᠎ᠠ ᠲᠡᠷᠭᠡ ᠬᠥᠰᠬᠡ ᠪᠣᠯᠤᠨ ᠬᠥᠮᠦᠨ ᠤ ᠪᠠᠷ᠎ᠠ ᠰᠡᠭᠦᠳᠡᠷ ᠢ ᠣᠯᠵᠤ ᠬᠠᠷᠠᠳᠠᠭ ᠮᠦᠷᠳᠡᠭᠡᠨ ︽ᠬᠢᠵᠢᠭ ᠤᠨ ᠪᠠᠶᠢᠳᠠᠯ ᠢ ᠭᠦᠢᠴᠡᠳ ᠡᠵᠡᠮᠳᠡᠬᠦ ᠠᠴᠠ ᠡᠮᠦᠨ᠎ᠡ ᠴᠠᠭᠳᠠᠭ᠎ᠠ ᠤᠬᠤᠷᠢᠬᠤ ᠦᠭᠡᠢ︾ ᠭᠡᠳᠡᠭ ᠪᠣᠯ ᠳᠠᠷᠤᠢ ᠤᠯᠠᠭᠠᠨᠴᠠᠪ ᠬᠤᠳᠠ ᠶᠢᠨ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠲᠤ ᠴᠢᠩᠭ᠎ᠠ ᠲᠠᠩᠭᠠᠷᠢᠭ ᠪᠣᠯᠤᠨ᠎ᠠ᠃
微信图片_20221111101836.jpg  
     ᠲᠠᠳᠠ ᠰᠠᠯᠬᠢ ᠪᠣᠷᠣᠭᠠᠨ ᠢ ᠬᠠᠶᠢᠬᠤᠷᠤᠯ ᠥᠬᠡᠶ ᠪᠠᠷ ᠪᠥᠬᠦ ᠰᠢᠶᠠᠨ ᠤ ᠠᠷᠠᠳ ᠲᠦᠮᠡᠨ ᠤ ᠡᠷᠡᠭᠦᠯ ᠮᠡᠨᠳᠦ ᠶᠢᠨ ᠠᠮᠤᠷ ᠲᠦᠪᠰᠢᠨ ᠤ ᠲᠥᠯᠥᠭᠡ ᠰᠥᠷᠥᠨ ᠤᠷᠤᠭᠰᠢᠯᠠᠵᠤ᠂ ᠭᠡᠨᠡᠳᠲᠡ ᠡᠭᠦᠰᠦᠭᠰᠡᠨ ᠰᠢᠨ᠎ᠡ ᠨᠢᠭᠡ ᠡᠭᠡᠯᠵᠢ ᠶᠢᠨ ᠬᠢᠵᠢᠭ ᠤᠨ ᠡᠮᠦᠨ᠎ᠡ᠂ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠳᠲᠡᠷ ᠲᠦᠷᠭᠡᠨ ᠴᠤᠭᠯᠠᠷᠠᠵᠤ᠂ ᠠᠶᠤᠯ ᠢ ᠰᠦᠷᠦᠨ ᠤᠷᠤᠭᠰᠢᠯᠠᠵᠤ᠂ ᠠᠮᠠᠷᠠᠯᠲᠠ ᠪᠠᠨ ᠵᠣᠭᠰᠣᠵᠤ᠂ ᠪᠥᠬᠦ ᠬᠥᠮᠦᠰ ᠠᠵᠢᠯ ᠤᠨ ᠪᠠᠶᠢᠷᠢ ᠳᠤ ᠪᠠᠨ ᠮᠤᠷᠳᠠᠪᠠ᠃ ᠬᠢᠵᠢᠭ ᠤᠨ ᠰᠢᠯᠵᠢᠯᠳᠡ ᠶᠢᠨ ᠤᠯᠠ ᠮᠦᠷ ᠢ ᠪᠠᠶᠢᠴᠠᠭᠠᠨ ᠮᠥᠷᠳᠡᠬᠦ᠂ ᠲᠤᠰᠠᠭᠠᠷᠯᠠᠨ ᠪᠢᠲᠡᠭᠦᠮᠵᠢᠯᠡᠵᠦ ᠡᠵᠡᠮᠳᠡᠬᠦ᠂ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠣᠯᠠᠨ ᠲᠦᠮᠡᠨ ᠳᠤ ᠦᠢᠯᠡᠴᠢᠯᠡᠬᠦ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠪᠡ᠃
微信图片_20221111102350.jpg   
     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠵᠠᠮ ᠳᠡᠭᠡᠷ᠎ᠡ᠂ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠬᠠᠮᠤᠭ ᠤᠨ ᠡᠷᠡᠰ ᠰᠢᠭᠤᠷᠬᠠᠢ ᠣᠪᠣᠷ ᠢᠶᠠᠷ ᠥᠴᠦᠬᠡᠨ ᠴᠦ ᠡᠷᠡᠭᠡᠯᠵᠡᠯ ᠦᠭᠡᠢ ᠪᠠᠷ ᠡᠮᠦᠨ᠎ᠡ ᠹᠷᠣᠨᠲ ᠤᠨ ︽ᠲᠠᠶᠢᠨ ᠤ ᠲᠠᠯᠠᠪᠤᠷ︾ ᠲᠤ ᠬᠦᠷᠴᠦ᠂ ᠬᠠᠮᠤᠭ ᠤᠨ ᠡᠷᠡᠰ ᠰᠢᠭᠤᠷᠬᠠᠢ ᠪᠠᠷ ᠠᠵᠢᠯᠯᠠᠭ᠎ᠠ ᠠᠪᠴᠤ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠠᠪᠴᠠᠯ᠂ ᠡᠮᠦᠨ᠎ᠡ ᠨᠢ ᠭᠠᠪᠰᠢᠭᠠᠶᠢᠯᠠᠵᠤ ᠪᠠᠶᠢᠭ᠎ᠠ ᠬᠦᠬᠡ ᠬᠠᠷ᠎ᠠ ᠬᠤᠪᠴᠠᠰᠤ ᠡᠮᠦᠰᠦᠭᠰᠡᠨ ᠬᠦᠮᠦᠨ ᠤ ᠪᠠᠷ᠎ᠠ᠂ ᠢᠯᠠᠭᠳᠠᠰᠢ ᠦᠭᠡᠢ ᠢᠲᠡᠭᠡᠯ ᠵᠣᠷᠢᠭ ᠢᠶᠠᠷ ᠳᠠᠶᠢᠯᠠᠯᠳᠤᠭᠠᠨ ᠤ ᠬᠦᠨᠳᠦ ᠡᠭᠦᠷᠭᠡ ᠶᠢ ᠡᠭᠦᠷᠭᠡᠯᠡᠵᠦ᠂ ᠠᠷᠠᠳ ᠤᠨ ᠴᠠᠭᠳᠠᠭ᠎ᠠ ᠶᠢᠨ ᠠᠷᠠᠳ ᠲᠦᠮᠡᠨ ᠤ ᠲᠥᠯᠥᠭᠡ ᠡᠭᠦᠷᠭᠡᠯᠡᠬᠦ ᠡᠭᠦᠷᠭᠡᠯᠡᠯ ᠢ ᠦᠢᠯᠡᠳᠦᠯᠭᠡᠵᠢᠭᠦᠯᠵᠦ ᠪᠠᠶᠢᠨ᠎ᠠ᠃   
ᠢᠷᠡᠯᠲᠡ᠄ ᠤᠯᠠᠭᠠᠨᠴᠠᠪ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ