ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠤᠷᠤᠭᠴᠢᠳ ᠢ ᠵᠣᠬᠢᠶᠠᠨ ᠪᠠᠶᠢᠭᠤᠯᠵᠤ ᠬᠤᠣᠷ ᠴᠠᠭᠠᠵᠠᠯᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠭᠦᠯᠵᠦ ᠬᠤᠣᠷ ᠴᠠᠭᠠᠵᠠᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2022/11/20
     ᠵᠠᠯᠠᠭᠤ ᠪᠠᠭᠠᠴᠤᠳ ᠤᠨ ᠬᠤᠣᠷ ᠢ ᠰᠡᠷᠭᠡᠶᠢᠯᠡᠵᠤ ᠬᠤᠣᠷ ᠢ ᠡᠰᠡᠷᠭᠦᠴᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ᠂ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠪᠠ ᠬᠤᠣᠷ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 14 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠣᠷ ᠢ ᠴᠠᠭᠠᠵᠠᠯᠠᠬᠤ ᠶᠡᠭᠡ ᠠᠩᠭᠢ ᠬᠤᠶᠠᠳᠤᠭᠠᠷ ᠪᠠᠭ᠎ᠠ ᠰᠤᠷᠭᠠᠭᠤᠯᠢ ᠶᠢᠨ 50 ᠰᠤᠷᠤᠭᠴᠢᠳ ᠢ ᠵᠣᠬᠢᠶᠠᠨ ᠪᠠᠶᠢᠭᠤᠯᠵᠤ ᠬᠤᠣᠷ ᠢ ᠴᠠᠭᠠᠵᠠᠯᠠᠬᠤ ᠬᠥᠮᠦᠵᠢᠯ ᠤᠨ ᠰᠠᠭᠤᠷᠢᠨ ᠭᠠᠵᠠᠷ ᠲᠤ ᠣᠴᠢᠵᠤ ᠲᠣᠭᠤᠷᠢᠨ ᠦᠵᠡᠭᠦᠯᠵᠦ ᠰᠤᠷᠤᠯᠴᠠᠭᠤᠯᠪᠠ᠃
01.jpg
     ᠲᠤᠬᠠᠢ ᠶᠢᠨ ᠲᠠᠯᠠᠪᠤᠷ ᠲᠤ᠂ ᠴᠠᠭᠳᠠᠭ᠎ᠠ ᠰᠠᠭᠤᠷᠢᠨ ᠭᠠᠵᠠᠷ ᠤᠨ ᠦᠵᠡᠭᠦᠯᠦᠯᠭᠡ ᠶᠢᠨ ᠲᠢᠩᠬᠢᠮ ᠳᠠᠬᠢ ᠬᠤᠣᠷᠲᠤ ᠡᠳ᠋ ᠢ ᠴᠠᠭᠠᠵᠠᠯᠠᠭᠰᠠᠨ ᠲᠡᠦᠬᠡ᠂ ᠣᠳᠣᠬᠠᠨ ᠤ ᠬᠤᠣᠷᠲᠤ ᠡᠳ᠋ ᠢ ᠴᠠᠭᠠᠵᠠᠯᠠᠬᠤ ᠪᠠᠶᠢᠳᠠᠯ᠂ ᠬᠤᠣᠷᠲᠤ ᠡᠳ᠋ ᠤᠨ ᠲᠥᠷᠥᠯ ᠵᠦᠢᠯ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠭᠰᠡᠨ ᠪᠥᠭᠡᠳ ᠬᠤᠣᠷᠲᠤ ᠡᠳ᠋ ᠤᠨ ᠵᠠᠭᠪᠤᠷ ᠢᠶᠠᠷ ᠳᠠᠮᠵᠢᠭᠤᠯᠤᠨ ᠰᠤᠷᠤᠭᠴᠢᠳ ᠲᠤ ᠬᠤᠣᠷᠲᠤ ᠡᠳ᠋ ᠤᠨ ᠪᠡᠶ᠎ᠡ ᠰᠡᠳᠬᠢᠯ ᠳᠤ ᠤᠴᠠᠷᠠᠭᠤᠯᠬᠤ ᠬᠤᠣᠷ ᠬᠥᠨᠥᠭᠡᠯ᠂ ᠢᠯᠠᠩᠭᠤᠶ᠎ᠠ ᠬᠤᠣᠷ ᠲᠠᠲᠠᠭᠴᠢᠳ ᠤᠨ ᠬᠤᠣᠷ ᠲᠠᠲᠠᠭᠰᠠᠨ ᠠᠴᠠ ᠪᠣᠯᠵᠤ ᠥᠪᠡᠷ ᠤᠨ ᠪᠡᠶ᠎ᠡ ᠪᠠ ᠭᠡᠷ ᠤᠨ ᠬᠥᠮᠥᠰ ᠲᠤ ᠪᠠᠨ ᠠᠪᠴᠢᠷᠠᠵᠤ ᠥᠭᠭᠦᠭᠰᠡᠨ ᠬᠤᠣᠷ ᠬᠥᠨᠥᠭᠡᠯ ᠢ ᠰᠢᠭᠤᠳ ᠳᠡᠯᠭᠡᠨ ᠦᠵᠡᠭᠦᠯᠵᠡᠢ᠃ ᠰᠤᠷᠤᠭᠴᠢᠳ ᠢᠯᠡᠷᠬᠡᠶᠢᠯᠡᠬᠦ ᠳᠤ ᠪᠠᠨ᠂ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠬᠤᠣᠷᠲᠤ ᠡᠳ᠋ ᠤᠨ ᠠᠶᠤᠯᠲᠤ ᠴᠢᠨᠠᠷ ᠤᠨ ᠲᠤᠬᠠᠢ ᠲᠠᠨᠢᠯᠲᠠ ᠲᠠᠢ ᠪᠣᠯᠵᠤ᠂ ᠪᠠᠰᠠ ᠬᠤᠣᠷᠲᠤ ᠡᠳ᠋ ᠢ ᠴᠠᠭᠠᠵᠠᠯᠠᠬᠤ ᠠᠷᠭ᠎ᠠ᠂ ᠬᠤᠣᠷᠲᠤ ᠡᠳ᠋ ᠢ ᠲᠠᠨᠢᠵᠤ ᠬᠤᠣᠷᠲᠤ ᠡᠳ᠋ ᠢ ᠰᠡᠷᠭᠡᠶᠢᠯᠡᠬᠦ ᠮᠡᠳᠡᠯᠭᠡ ᠶᠢᠨ ᠲᠠᠯ᠎ᠠ ᠪᠠᠷ ᠨᠠᠩ ᠭᠦᠨᠵᠡᠭᠡᠢ ᠣᠶᠢᠯᠠᠭᠠᠯᠲᠠ ᠲᠠᠢ ᠪᠣᠯᠤᠭᠰᠠᠨ ᠪᠠᠶᠢᠨ᠎ᠠ᠃ ᠬᠤᠶᠢᠰᠢᠳᠠ ᠶᠢᠨ ᠰᠤᠷᠤᠯᠴᠠᠯᠭ᠎ᠠ ᠠᠮᠢᠳᠤᠷᠠᠯ ᠳᠤᠮᠳᠠ᠂ ᠥᠪᠡᠷ ᠢᠶᠠᠨ ᠬᠠᠤᠯᠢ ᠴᠠᠭᠠᠵᠠ ᠶᠢ ᠵᠢᠷᠤᠮᠯᠠᠨ ᠰᠠᠬᠢᠬᠤ ᠪᠠᠷ ᠪᠠᠷᠠᠬᠤ ᠦᠭᠡᠢ᠂ ᠪᠠᠰᠠ ᠭᠡᠷ ᠤᠨ ᠬᠥᠮᠥᠰ ᠨᠠᠶᠢᠵᠠ ᠨᠥᠬᠦᠳ ᠲᠤ ᠪᠠᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠢᠳᠡᠪᠬᠢᠲᠡᠢ ᠪᠠᠷ ᠲᠦᠭᠡᠮᠡᠯᠵᠢᠭᠦᠯᠵᠦ᠂ ᠬᠠᠤᠯᠢ ᠪᠠᠷ ᠵᠠᠰᠠᠬᠤ ᠤᠬᠠᠭᠤᠯᠤᠭᠴᠢ ᠪᠣᠯᠬᠤ ᠪᠠᠷ ᠴᠢᠷᠮᠠᠶᠢᠬᠤ ᠪᠣᠯᠣᠨ᠎ᠠ ᠬᠡᠵᠠᠢ᠃
03.jpg
     ᠣᠶᠢᠷ᠎ᠠ ᠶᠢᠨ ᠵᠢᠯ ᠤᠳ ᠲᠤ᠂ ᠬᠥᠪᠡᠭᠡᠲᠦ ᠰᠢᠷ᠎ᠠ ᠬᠤᠰᠢᠭᠤᠨ ᠤ ᠬᠢᠨ ᠵᠠᠯᠠᠭᠤ ᠪᠠᠭᠠᠴᠤᠳ ᠤᠨ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠢ ᠰᠢᠨᠵᠢᠯᠡᠬᠦ ᠤᠬᠠᠭᠠᠨ ᠰᠣᠶᠣᠯ ᠤᠨ ᠬᠥᠮᠦᠵᠢᠯ᠂ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ᠂ ᠠᠮᠢ ᠨᠠᠰᠤ ᠡᠷᠡᠭᠦᠯ ᠮᠡᠨᠳᠦ ᠶᠢᠨ ᠬᠥᠮᠦᠵᠢᠯ ᠪᠠ ᠬᠠᠤᠯᠢ ᠪᠠᠷ ᠵᠠᠰᠠᠬᠤ ᠬᠥᠮᠦᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠤᠣᠷᠲᠤ ᠡᠳ᠋ ᠢ ᠴᠠᠭᠠᠵᠠᠯᠠᠬᠤ ᠬᠥᠮᠦᠵᠢᠯ ᠤᠨ ᠵᠣᠷᠢᠯᠭ᠎ᠠ ᠳᠤ ᠪᠠᠨ ᠬᠦᠷᠪᠡ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ