ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2022/11/20
     11 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠠᠯ ᠠᠴᠠ ᠡᠮᠦᠨ᠎ᠡ᠂ ᠲᠢᠩᠬᠢᠮ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠨ ᠨᠡᠷ ᠰᠤᠷᠤᠯᠴᠠᠬᠤ ᠭᠤᠤᠯ ᠰᠡᠳᠦᠪ ᠤᠨ ᠲᠣᠭᠤᠷᠢᠨ ᠳᠤ ᠥᠪᠡᠷ ᠢᠶᠠᠨ ᠰᠤᠷᠤᠯᠴᠠᠬᠤ ᠶᠢ ᠨᠠᠷᠢᠨ ᠬᠢᠨᠠᠮᠠᠭᠠᠶ ᠥᠷᠨᠢᠭᠦᠯᠬᠦ ᠶᠢᠨ ᠬᠠᠮᠲᠤ ᠦᠵᠡᠯ ᠰᠠᠨᠠᠭ᠎ᠠ ᠪᠠ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠣᠯᠤᠯᠲᠠ ᠲᠥᠷᠥᠭᠳᠡᠯ ᠢᠶᠠᠨ ᠲᠤᠭᠤᠷᠪᠢᠨ ᠪᠢᠴᠢᠪᠡ᠃ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠤᠯᠠᠨ ᠢᠶᠠᠷ ᠢᠶᠠᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠰᠡᠳᠬᠢᠴᠡ ᠠᠷᠭ᠎ᠠ ᠬᠡᠮᠵᠢᠶ᠎ᠡ ᠪᠠᠨ ᠲᠣᠳᠣᠷᠬᠠᠶᠢᠯᠠᠪᠠ᠃
1.jpg  
      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠪᠠᠲᠤ ᠡᠵᠡᠮᠳᠡᠬᠦ︾ ᠪᠠ ︽ᠭᠤᠷᠪᠠᠨ ᠲᠠᠯ᠎ᠠ ᠪᠠᠷ ᠬᠦᠴᠦ ᠲᠠᠯᠪᠢᠬᠤ︾ ᠶᠢᠨ ᠲᠣᠭᠤᠷᠢᠨ ᠳᠤ᠂ ᠨᠠᠮ ᠤᠨ ᠲᠥᠪ ᠬᠤᠷᠢᠶᠠᠨ ᠤ ︽ᠲᠣᠭᠲᠠᠭᠠᠯ︾ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠤᠷᠢᠳ ᠢᠶᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠪᠣᠳᠠᠲᠠᠶ ᠠᠵᠢᠯᠯᠠᠵᠤ ᠪᠠᠶᠢᠭ᠎ᠠ ᠵᠢᠱᠢᠶ᠎ᠡ ᠦᠵᠡᠭᠦᠯᠬᠦ ᠦᠢᠯᠡᠳᠦᠯ ᠪᠠ ᠪᠣᠳᠠᠲᠤ ᠠᠵᠢᠯᠯᠠᠭ᠎ᠠ ᠪᠠᠷ ᠢᠶᠠᠨ ᠪᠥᠬᠦ ᠴᠠᠭᠳᠠᠭ᠎ᠠ ᠶᠢ ᠬᠥᠲᠥᠯᠥᠨ ᠵᠢᠯᠣᠭᠤᠳᠴᠤ ᠪᠠᠶᠢᠭᠠᠳ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ᠂ ︽ᠨᠠᠢᠮᠠᠨ ᠭᠦᠨᠵᠡᠭᠡᠢ ᠲᠠᠨᠢᠯᠲᠠ︾ ᠶᠢ ᠪᠡᠶᠡᠯᠡᠭᠦᠯᠬᠦ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠠᠯᠤᠰ ᠬᠡᠳᠦ ᠶᠢᠨ ᠨᠥᠯᠥᠭᠡ ᠶᠢ ᠭᠦᠨᠵᠡᠭᠡᠢ ᠲᠠᠨᠢᠵᠤ᠂︽ᠬᠤᠶᠠᠷ ᠢ ᠲᠣᠭᠲᠠᠭᠠᠬᠤ︾ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠢᠢᠳᠪᠦᠷᠢᠯᠡᠭᠴᠢ ᠴᠢᠨᠠᠷᠲᠠᠢ ᠬᠦᠴᠦᠨ ᠵᠦᠢᠯ ᠪᠣᠯᠬᠤ ᠶᠢ ᠭᠦᠨᠵᠡᠭᠡᠢ ᠲᠠᠨᠢᠵᠤ᠂ ᠥᠩᠭᠡᠷᠡᠭᠰᠡᠨ 5 ᠵᠢᠯ ᠤᠨ ᠠᠵᠢᠯ ᠪᠠ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ ᠶᠢ ᠭᠦᠨᠵᠡᠭᠡᠢ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠨᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠴᠠᠭ ᠦᠶ᠎ᠡ ᠶᠢᠨ ᠰᠢᠨ᠎ᠡ ᠠᠬᠤᠢ ᠪᠠᠶᠢᠳᠠᠯ ᠢ ᠨᠡᠬᠡᠭᠡᠭᠰᠡᠨ ᠢ ᠭᠦᠨᠵᠡᠭᠡᠢ ᠲᠠᠨᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠲᠠᠨᠢᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠡᠭᠦᠷᠭᠡ ᠶᠢ ᠭᠦᠨᠵᠡᠭᠡᠢ ᠲᠠᠨᠢᠵᠤ᠂ ᠠᠭᠤᠤ ᠶᠡᠭᠡ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠪᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠦᠳᠦᠯᠦᠨ ᠳᠠᠭᠠᠭᠤᠯᠬᠤ ᠴᠢᠬᠤᠯᠠ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠨ ᠤᠷᠤᠭᠰᠢᠯᠠᠯᠲᠠ ᠶᠢᠨ ᠵᠠᠮ ᠳᠡᠭᠡᠷᠡᠬᠢ ᠠᠶᠤᠯ ᠲᠦᠭᠰᠢᠭᠦᠷᠢ ᠥᠷᠢᠰᠥᠯᠳᠦᠭᠡᠨ ᠢ ᠭᠦᠨᠵᠡᠭᠡᠢ ᠲᠠᠨᠢᠵᠤ᠂ ᠥᠪᠡᠷ ᠤᠨ ᠶᠠᠪᠤᠳᠠᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ︽ᠲᠠᠪᠤᠨ ᠲᠥᠪᠯᠡᠷᠡᠯ︾ ᠢ ᠡᠷᠡᠰ ᠪᠡᠶᠡᠯᠡᠭᠦᠯᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠲᠦᠷᠦ ᠶᠢᠨ ᠰᠢᠨᠵᠢ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠴᠢᠩᠭᠠᠳᠬᠠᠬᠤ ᠬᠡᠷᠡᠭᠲᠡᠶ᠃ ︽ᠬᠤᠶᠠᠷ ᠢ ᠲᠣᠭᠲᠠᠭᠠᠬᠤ︾ ᠶᠢ ᠭᠦᠨᠵᠡᠭᠡᠢ ᠡᠵᠡᠮᠳᠡᠵᠦ᠂︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠵᠢᠷᠤᠮᠯᠠᠵᠤ᠂ ︽ᠲᠡᠷᠢᠭᠦᠨ ᠵᠥᠪᠯᠡᠬᠦ ᠰᠡᠳᠦᠪ︾ ᠤᠨ ᠲᠦᠷᠢᠮ ᠢ ᠡᠷᠡᠰ ᠨᠠᠶᠢᠳᠠᠪᠤᠷᠢᠵᠢᠭᠤᠯᠤᠨ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠢᠯ ᠬᠢᠵᠦ ᠦᠢᠯᠡᠰ ᠪᠤᠰᠬᠠᠬᠤ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠭᠤᠯᠠᠩᠳᠤ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠨᠡᠩ ᠥᠨᠳᠥᠷ ᠲᠦᠪᠰᠢᠨ ᠳᠤ ᠬᠦᠷᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ᠂ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ᠂ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠴᠠᠭᠳᠠᠭ᠎ᠠ ᠶᠢᠨ ᠲᠥᠷᠥᠯ ᠤᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠪᠠ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠨ᠎ᠡ᠃ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠬᠠᠤᠯᠢ ᠪᠠᠷ ᠣᠷᠣᠨ ᠢᠶᠠᠨ ᠵᠠᠰᠠᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠶᠠᠮᠤᠨ ᠤ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠪᠠᠳᠠᠷᠠᠭᠤᠯᠬᠤ ᠶᠢ ᠭᠤᠶᠢᠪᠢᠰᠢ ᠦᠭᠡᠶ ᠪᠠᠷᠢᠮᠲᠠᠯᠠᠵᠤ᠂ ᠭᠤᠤᠯᠯᠠᠬᠤ ᠪᠠᠶᠢᠯᠳᠤᠬᠤ ᠬᠦᠴᠦᠨ ᠢᠶᠠᠨ ᠲᠠᠰᠤᠷᠠᠯᠲᠠ ᠦᠭᠡᠶ ᠳᠡᠭᠡᠭᠰᠢᠯᠡᠭᠦᠯᠦᠨ᠎ᠡ᠃ ︽ᠲᠠᠪᠤᠨ ᠲᠡᠷᠢᠭᠦᠨ ᠳᠡᠰ︾ ᠤᠨ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠪᠠᠷ ᠴᠠᠭᠳᠠᠭ᠎ᠠ ᠪᠠᠶᠢᠭᠤᠯᠬᠤ᠂ ᠪᠦᠬᠦ ᠲᠠᠯ᠎ᠠ ᠪᠠᠷ ᠴᠠᠭᠳᠠᠭ᠎ᠠ ᠶᠢ ᠴᠢᠩᠭ᠎ᠠ ᠵᠠᠰᠠᠬᠤ ᠴᠢᠭᠯᠡᠯᠲᠡ ᠶᠢ ᠥᠴᠦᠬᠡᠨ ᠴᠦ ᠭᠤᠶᠢᠪᠢᠰᠢ ᠦᠭᠡᠢ ᠪᠠᠷᠢᠮᠲᠠᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠶᠢ ᠪᠠᠲᠤ ᠡᠵᠡᠮᠳᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠲᠦᠷᠢ ᠲᠥᠷᠬᠦ ᠶᠢ ᠪᠤᠢ ᠪᠣᠯᠭᠠᠬᠤ︾ ᠲᠤᠰᠬᠠᠢ ᠠᠵᠢᠯᠯᠠᠭ᠎ᠠ ᠶᠢ ᠱᠠᠯᠠᠪᠳᠠᠨ ᠥᠷᠨᠢᠭᠦᠯᠵᠦ᠂ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠬᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠵᠣᠷᠢᠭ ᠰᠠᠨᠠᠭ᠎ᠠ ᠰᠥᠰᠥ ᠵᠣᠷᠢᠭ ᠢ ᠴᠢᠩᠭᠠᠳᠬᠠᠬᠤ ᠵᠡᠷᠭᠡ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠡᠮᠦᠨ᠎ᠡ ᠨᠢ ᠶᠠᠪᠤᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠡᠷᠬᠡᠪᠰᠢ ᠣᠳᠣᠬᠠᠨ ᠤ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠡᠰᠡᠷᠭᠦᠴᠡᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠳᠣᠬᠠᠨ ᠤ ᠨᠡᠶᠢᠭᠡᠮ ᠤᠨ ᠪᠦᠬᠦ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠦᠨᠡᠨ ᠬᠦ ᠰᠠᠶᠢᠲᠤᠷ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ