ᠯᠢᠨ ᠾᠧ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠢᠮᠡᠭᠡ ᠮᠡᠳᠡᠭᠡ ᠵᠢᠯᠤᠭᠤᠳᠬᠤ ᠲᠥᠪ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/11/20
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠂ ᠭᠦᠨ ᠵᠤᠵᠠᠭᠠᠨ ᠰᠤᠷᠤᠯᠴᠠᠯᠭ᠎ᠠ ᠶᠢᠨ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠬᠤ᠂ ᠪᠥᠬᠦ ᠴᠠᠭᠳᠠᠭ᠎ᠠ ᠶᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠭᠡᠬᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠲᠡᠮᠡᠴᠡᠯ ᠤᠨ ᠵᠣᠷᠢᠭ ᠢᠶᠠᠷ ᠡᠯ᠎ᠡ ᠵᠦᠢᠯ ᠤᠨ ᠠᠵᠢᠯ ᠳᠤ ᠣᠷᠣᠯᠴᠠᠬᠤ ᠶᠢᠨ ᠲᠥᠯᠥᠭᠡ᠂ 11 ᠰᠠᠷ᠎ᠠ ᠶᠢᠨ 8 ᠤ ᠦᠳᠡ ᠶᠢᠨ ᠬᠤᠶᠢᠨ᠎ᠠ᠂ ᠪᠠᠶᠠᠨᠨᠠᠭᠤᠷ ᠬᠤᠲᠠ ᠶᠢᠨ ᠯᠢᠨ ᠾᠧ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠢᠮᠡᠭᠡ ᠮᠡᠳᠡᠭᠡ ᠵᠢᠯᠣᠭᠤᠳᠬᠤ ᠲᠥᠪ ᠤᠨ ᠨᠠᠮ ᠤᠨ ᠡᠭᠦᠷ ︽ᠳᠣᠲᠣᠭᠠᠳᠤ ᠶᠢ ᠬᠠᠮᠠᠭᠠᠯᠠᠬᠤ ᠨᠠᠮ ᠢᠶᠠᠨ ᠳᠠᠭᠠᠵᠤ᠂ ᠰᠢᠨ᠎ᠡ ᠠᠶᠠᠨ ᠵᠠᠮ ᠢᠶᠠᠨ ᠬᠠᠮᠠᠭᠠᠯᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ︽ᠶᠢᠰᠦᠨ ᠨᠢᠭᠡ︾ ᠶᠢᠨ ᠠᠵᠢᠯᠯᠠᠭ᠎ᠠ ᠥᠷᠨᠢᠭᠦᠯᠪᠡ᠃
二十大精神快问快答.jpg  
       ᠠᠵᠢᠯᠯᠠᠭ᠎ᠠ ᠨᠢ᠂ ᠲᠤᠰ ᠲᠤᠰ ᠨᠢᠭᠡ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ᠂ ᠪᠢᠴᠢᠯ ᠨᠠᠮ ᠤᠨ ᠬᠢᠴᠢᠶᠡᠯ ᠥᠷᠨᠢᠭᠦᠯᠦᠭᠰᠡᠨ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠡᠷᠭᠢᠴᠡᠭᠦᠯᠦᠭᠰᠡᠨ᠂ ᠬᠤᠪᠢᠰᠬᠠᠯᠳᠤ ᠪᠠᠭᠠᠲᠤᠷᠴᠤᠳ ᠤᠨ ᠦᠯᠢᠭᠡᠷ ᠲᠡᠥᠬᠡ ᠶᠢ ᠬᠤᠪᠢᠶᠠᠯᠴᠠᠭᠰᠠᠨ᠂ ᠤᠬᠠᠭᠤᠯᠭ᠎ᠠ ᠶᠢᠨ ᠹᠢᠯᠢᠮ ᠰᠤᠨᠢᠷᠬᠠᠭᠰᠠᠨ᠂ ᠲᠣᠳᠤᠭᠠᠳᠤ ᠶᠢ ᠬᠠᠮᠠᠭᠠᠯᠠᠬᠤ ᠵᠢᠱᠢᠶᠡᠴᠢ ᠶᠢᠨ ᠪᠠᠭᠠᠳᠤᠷᠯᠢᠭ ᠦᠢᠯᠡ ᠠᠵᠢᠯᠯᠠᠭ᠎ᠠ ᠶᠢ ᠰᠤᠷᠤᠯᠴᠠᠭᠰᠠᠨ᠂ ᠡᠩᠨᠡᠭᠡᠨ ᠤ ᠪᠠᠶᠢᠭᠤᠯᠤᠯᠲᠠ ᠳᠤ ᠰᠠᠨᠠᠯ ᠰᠠᠨᠠᠭᠤᠯᠭ᠎ᠠ ᠲᠤᠷᠠᠳᠤᠭᠰᠠᠨ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠠᠰᠠᠭᠤᠯᠲᠠ ᠬᠠᠷᠢᠭᠤᠯᠲᠠ ᠶᠢᠨ ᠰᠡᠳᠦᠪ ᠬᠠᠷᠢᠭᠤᠯᠤᠭᠰᠠᠨ᠂ ᠠᠷᠠᠳ ᠤᠨ ᠴᠠᠭᠲᠠᠭᠠᠨ ᠤ ᠳᠠᠭᠤᠤ ᠶᠢ ᠬᠠᠮᠲᠤ ᠪᠠᠷ ᠳᠠᠭᠤᠯᠤᠭᠰᠠᠨ ᠵᠡᠷᠭᠡ ᠠᠯᠬᠤᠮ ᠢᠶᠠᠷ ᠶᠠᠪᠤᠭᠳᠠᠭᠤᠯᠪᠠ᠃      
ᠢᠷᠡᠯᠲᠡ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ