ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠥᠷᠨᠢᠯᠲᠡ ᠭᠠᠷᠭᠠᠪᠠ
ᠨᠡᠶᠢᠲᠡᠯᠡᠭᠰᠡᠨ ᠴᠠᠭ᠄
2022/11/20
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠬᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠬᠦ᠂ ᠠᠯᠬᠤᠮ ᠢᠶᠠᠨ ᠨᠢᠭᠡᠳᠭᠡᠬᠦ᠂ ᠬᠦᠴᠦᠨ ᠴᠢᠳᠠᠯ ᠢᠶᠠᠨ ᠨᠢᠭᠲᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠨᠠᠮ ᠤᠨ ᠡᠭᠦᠷ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠡᠭᠦᠷ ᠤᠨ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠳᠤᠮᠳᠠ ᠨᠠᠶᠢᠳᠠᠪᠤᠷᠢᠵᠢᠭᠤᠯᠪᠠ᠃
 123.jpg 
     ᠡᠯ᠎ᠡ ᠨᠠᠮ ᠤᠨ ᠡᠭᠦᠷ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠢᠯᠡᠳᠬᠡᠯ᠂ ᠶᠡᠷᠦᠩᠬᠡᠶ ᠱᠦᠵᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠳ ᠳᠤᠮᠳᠠᠳᠤ ᠭᠠᠳᠠᠭᠠᠳᠤ ᠶᠢᠨ ᠰᠣᠷᠪᠣᠯᠵᠢᠯᠠᠭᠴᠢᠳ ᠲᠠᠢ ᠠᠭᠤᠯᠵᠠᠭᠰᠠᠨ ᠥᠶ᠎ᠡ ᠶᠢᠨ ᠶᠠᠷᠢᠶ᠎ᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠪᠣᠯᠤᠨ 10 ᠳ᠋ᠤᠭᠠᠷ ᠰᠠᠷ᠎ᠠ ᠶᠢᠨ 25 ᠤ ᠡᠳᠦᠷ ᠬᠤᠷᠠᠯᠳᠤᠭᠰᠠᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠶᠠᠨ ᠠᠨ ᠤ ᠬᠤᠪᠢᠰᠬᠠᠯ ᠤᠨ ᠳᠤᠷᠠᠰᠬᠠᠯ ᠤᠨ ᠭᠠᠵᠠᠷ ᠲᠤ ᠪᠠᠷᠠᠳᠠᠭᠰᠠᠨ᠂ ᠱᠠᠨᠰᠢ ᠶᠢᠨ ᠶᠠᠨ ᠠᠨ ᠪᠣᠯᠤᠨ ᠾᠧᠨᠠᠨ ᠤ ᠠᠨᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠪᠠ᠃     ᠪᠦᠬᠦ ᠠᠷᠠᠳ ᠤᠨ ᠴᠠᠭᠳᠠᠭ᠎ᠠ ᠶᠢ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠲᠡᠷᠡ ᠬᠡᠪ ᠢᠶᠠᠷ ᠨᠢ᠂ ᠦᠭᠡ ᠦᠰᠦᠭ ᠳᠠᠷᠠᠭᠠᠯᠠᠨ᠂ ᠰᠡᠳᠬᠢᠯ ᠲᠠᠯᠪᠢᠨ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠶᠢᠯᠠᠭᠠᠵᠤ᠂ ᠲᠠᠷᠢᠬᠢ ᠲᠣᠯᠣᠭᠠᠢ ᠳᠤ ᠪᠠᠨ ᠬᠠᠳᠠᠩᠰᠢᠭᠤᠯᠵᠤ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠰᠢᠨ᠎ᠡ ᠠᠶᠠᠨ ᠵᠠᠮ ᠳᠤ ᠳᠣᠲᠣᠭᠠᠳᠤ ᠶᠢ ᠬᠠᠮᠠᠭᠠᠯᠠᠬᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠠᠭᠤᠷ ᠠᠮᠢᠰᠬᠤᠯ ᠢ ᠪᠣᠢ ᠪᠣᠯᠭᠠᠪᠠ᠃ 
ᠢᠷᠡᠯᠲᠡ᠄ ᠲᠣᠲᠣᠷᠬᠠᠢ ᠦᠭᠡᠢ