ᠵᠢᠦ ᠶᠤᠸᠠᠨ ᠲᠣᠭᠤᠷᠢᠭ ᠤᠨ ᠲᠣᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ︽ᠬᠤᠤᠷᠳᠤ ᠡᠳ᠋ ᠲᠠᠳᠠᠵᠤ ᠲᠡᠷᠭᠡ ᠵᠢᠯᠣᠭᠤᠳᠬᠤ︾ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/11/20
     ᠬᠤᠤᠷᠲᠤ ᠡᠳ᠋ ᠢ ᠴᠠᠭᠠᠵᠠᠯᠠᠬᠤ ︽ᠡᠬᠢ ᠡᠭᠦᠰᠦᠯ ᠢ ᠨᠢ ᠢᠯᠭᠠᠷᠠᠭᠤᠯᠵᠤ ᠤᠷᠤᠰᠬᠠᠯ ᠢ ᠨᠢ ᠲᠠᠰᠤᠯᠬᠤ︾᠂ ︽ᠬᠤᠶᠠᠷ ᠢ ᠠᠷᠢᠯᠭᠠᠨ ᠴᠡᠭᠴᠡᠯᠡᠵᠦ ᠬᠤᠶᠠᠷ ᠲᠤ ᠴᠣᠬᠢᠯᠲᠠ ᠥᠭᠬᠦ︾ ᠲᠤᠰᠬᠠᠶ ᠠᠵᠢᠯᠯᠠᠭ᠎ᠠ ᠪᠠ ᠬᠤᠤᠷᠲᠤ ᠡᠳ᠋ ᠢ ᠴᠠᠭᠠᠵᠠᠯᠠᠵᠤ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢᠨ ᠠᠵᠢᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ︽ᠬᠤᠤᠷᠲᠤ ᠡᠳ᠋ ᠲᠠᠳᠠᠵᠤ ᠲᠡᠷᠭᠡ ᠵᠢᠯᠣᠭᠤᠳᠬᠤ︾ ᠠᠴᠠ ᠪᠣᠯᠵᠣ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠤᠷᠲᠤ ᠡᠳ᠋ ᠢ ᠴᠠᠭᠠᠵᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠠᠷᠢᠶ᠎ᠠ ᠲᠣᠭᠤᠷᠢᠭ ᠤᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ︽ᠬᠤᠤᠷᠲᠤ ᠡᠳ᠋ ᠲᠠᠳᠠᠵᠤ ᠲᠡᠷᠭᠡ ᠵᠢᠯᠣᠭᠤᠳᠬᠤ︾ ᠶᠢ ᠬᠠᠮᠲᠤᠷᠠᠨ ᠪᠠᠶᠢᠴᠠᠭᠠᠨ ᠪᠠᠷᠢᠪᠴᠢᠯᠠᠬᠤ ᠡᠷᠴᠢᠮ ᠢᠶᠠᠨ ᠴᠢᠩᠭᠠᠷᠠᠭᠤᠯᠪᠠ᠃
包头市九原区扎实推进“毒驾”专项整治行动 (1).jpg   
     ᠠᠵᠢᠯ ᠤᠨ ᠳᠤᠮᠳᠠ᠂ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠪᠠᠶᠢᠷᠢᠯᠠᠭᠤᠯᠤᠯᠲᠠ ᠬᠢᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠠᠢ ᠬᠠᠮᠲᠤᠷᠠᠨ ︽ᠬᠤᠤᠷᠲᠤ ᠡᠳ᠋ ᠢ ᠴᠠᠭᠠᠵᠠᠯᠠᠬᠤ ᠠᠮᠤᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠲᠣᠮᠣ ᠠᠴᠢᠶᠠᠨ ᠤ ᠮᠠᠰᠢᠨ ᠤ ᠵᠢᠯᠣᠭᠤᠴᠢ ᠶᠢᠨ ᠬᠤᠤᠷᠲᠤ ᠡᠳ᠋ ᠲᠠᠳᠠᠵᠤ ᠲᠡᠷᠭᠡ ᠵᠢᠯᠣᠭᠤᠳᠬᠤ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠡᠯ᠎ᠡ ᠲᠥᠷᠥᠯ ᠤᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠬᠠᠷᠠᠭᠠᠯᠵᠠᠭᠰᠠᠨ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠢᠯᠯᠠᠭ᠎ᠠ ᠶᠢᠨ ᠬᠦᠴᠦᠲᠡᠶ᠂ ᠡᠮᠬᠢ ᠵᠢᠷᠤᠮ ᠲᠠᠢ᠂ ᠯᠠᠪᠳᠠᠭᠤᠨ ᠪᠠᠲᠤᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠬᠤᠤᠷ ᠴᠠᠭᠠᠵᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠨᠢᠭᠲᠠ ᠬᠠᠮᠵᠢᠯᠴᠠᠵᠤ᠂ ᠠᠵᠢᠯ ᠬᠤᠪᠢᠶᠠᠷᠢᠯᠠᠨ ᠬᠠᠮᠵᠢᠯᠴᠠᠵᠤ᠂ 110 ᠤᠯᠤᠰ ᠤᠨ ᠵᠠᠮ᠂ 315 ᠮᠤᠵᠢ ᠶᠢᠨ ᠵᠠᠮ ᠤᠨ ᠪᠣᠭᠤᠳᠤ ᠬᠤᠲᠠ ᠪᠣᠯᠤᠨ ᠪᠠᠶᠠᠨᠨᠠᠭᠤᠷ ᠬᠤᠲᠠ ᠶᠢᠨ ᠵᠠᠭᠠᠭ᠂ ᠯᠠᠨ ᠬᠦᠶ ᠬᠥᠪᠦᠮᠡᠯ ᠬᠥᠭᠦᠷᠭᠡ ᠶᠢᠨ ᠣᠯᠣᠮ ᠵᠡᠷᠭᠡ ᠨᠡᠭᠦᠷᠡᠰᠦ ᠲᠡᠭᠡᠭᠡᠪᠦᠷᠢᠯᠡᠬᠦ ᠵᠠᠮ ᠳᠤ ᠪᠠᠶᠢᠩᠭᠤ ᠬᠤᠷᠢᠭ᠎ᠠ ᠴᠡᠭ ᠭᠠᠷᠭᠠᠵᠤ᠂ ᠬᠢᠵᠢᠭ ᠤᠨ ᠪᠠᠶᠢᠳᠠᠯ ᠢ ᠴᠢᠩᠭ᠎ᠠ ᠰᠡᠷᠭᠡᠶᠢᠯᠡᠨ ᠡᠵᠡᠮᠳᠡᠬᠦ ᠶᠢᠨ ᠬᠠᠮᠲᠤ᠂ ᠨᠠᠭᠠᠰᠢ ᠴᠠᠭᠠᠰᠢ ᠥᠩᠭᠡᠷᠡᠬᠦ ᠲᠡᠷᠭᠡ ᠬᠥᠰᠬᠡ ᠳᠤ ᠠᠷᠢᠬᠢ ᠤᠤᠭᠤᠵᠤ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ᠂ ᠬᠤᠤᠷᠲᠤ ᠡᠳ᠋ ᠲᠠᠳᠠᠵᠤ ᠲᠡᠷᠭᠡ ᠵᠢᠯᠣᠭᠤᠳᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ︽ᠲᠡᠷᠭᠡ ᠳᠠᠭᠠᠷᠠᠪᠠᠯ ᠵᠠᠪᠠᠯ ᠬᠠᠰᠢᠵᠤ᠂ ᠰᠡᠵᠢᠭ ᠳᠠᠭᠠᠷᠠᠪᠠᠯ ᠵᠠᠪᠠᠯ ᠪᠠᠶᠢᠴᠠᠭᠠᠬᠤ︾ ᠶᠢ ᠪᠡᠶᠡᠯᠡᠭᠦᠯᠪᠡ᠃
 包头市九原区扎实推进“毒驾”专项整治行动 (4).jpg  
     ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ᠂ ᠨᠡᠶᠢᠲᠡ 260 ᠭᠠᠷᠤᠶ ᠬᠥᠮᠦᠨ ᠤᠳᠠᠭ᠎ᠠ ᠶᠢᠨ ᠰᠢᠭᠡᠰᠦᠨ ᠤ ᠠᠩᠬᠠᠨ ᠤ ᠰᠢᠭᠰᠢᠨ ᠪᠠᠶᠢᠴᠠᠭᠠᠯᠲᠠ ᠬᠢᠭᠰᠡᠨ ᠪᠥᠭᠡᠳ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠠᠶᠢᠪᠠ᠃     
ᠢᠷᠡᠯᠲᠡ᠄ ᠪᠣᠭᠤᠳᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ