ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠷᠳᠡᠭᠦᠯᠦᠯ ᠢ ᠡᠰᠡᠷᠭᠦᠴᠡᠬᠦ ᠡᠯ᠎ᠡ ᠪᠦᠷᠢᠯᠳᠦᠬᠦᠨ ᠨᠢᠭᠡᠴᠢ ᠲᠠᠢ ᠬᠠᠮᠲᠤᠷᠠᠨ ᠰᠦᠷᠳᠡᠭᠦᠯᠦᠯ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠴᠢᠨᠠᠷᠲᠠᠶ ᠳᠠᠶᠢᠴᠢᠯᠠᠯᠲᠠ ᠶᠢᠨ ᠰᠣᠷᠢᠯᠲᠠ ᠬᠢᠪᠡ
ᠨᠡᠶᠢᠲᠡᠯᠡᠭᠰᠡᠨ ᠴᠠᠭ᠄
2022/11/20
     9 ᠳ᠋ᠦ᠋ᠭᠡᠷ ᠰᠠᠷ᠎ᠠ ᠶᠢᠨ 20 ᠤ ᠦᠳᠡ ᠶᠢᠨ ᠡᠮᠦᠨ᠎ᠡ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠰᠢᠶᠠᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠯ ᠤᠨᠲᠠᠷᠠᠭᠠᠬᠤ᠂ ᠦᠶᠤᠸᠠᠨ ᠰᠢᠶᠠᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠡᠮᠴᠢᠯᠡᠭᠡᠨ ᠤ ᠪᠠᠶᠢᠭᠤᠯᠤᠮᠵᠢ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠰᠦᠷᠳᠡᠭᠦᠯᠦᠯ ᠢ ᠡᠰᠡᠷᠭᠦᠴᠡᠬᠦ ᠪᠦᠷᠢᠯᠳᠦᠬᠦᠨ ᠨᠢᠭᠡᠴᠢ ᠲᠠᠢ ᠬᠠᠮᠲᠤᠷᠠᠨ ᠰᠦᠷᠳᠡᠭᠦᠯᠦᠯ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠶᠡᠷᠦᠩᠬᠡᠶᠢᠯᠡᠭᠰᠡᠨ ᠴᠢᠨᠠᠷᠲᠠᠶ ᠰᠣᠷᠢᠯᠲᠠ ᠬᠢᠪᠠ᠃
830E5714.JPG   
     ᠰᠣᠷᠢᠯᠲᠠ ᠶᠢᠨ ᠶᠠᠪᠤᠴᠠ ᠳᠤ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠨᠢᠭᠡ ᠲᠠᠯ᠎ᠠ ᠪᠠᠷ ᠣᠯᠠᠨ ᠲᠦᠮᠡᠨ ᠤ ᠠᠮᠤᠷ ᠲᠦᠪᠰᠢᠨ ᠢ ᠬᠠᠮᠠᠭᠠᠯᠠᠵᠤ᠂ ᠨᠥᠭᠦᠭᠡ ᠲᠠᠯ᠎ᠠ ᠪᠠᠷ ᠮᠠᠭᠤ ᠡᠲᠡᠭᠡᠳ ᠢ ᠠᠶᠤᠯᠭᠠᠨ ᠰᠦᠷᠳᠡᠭᠦᠯᠵᠦ᠂ ᠢᠳᠬᠠᠨ ᠰᠤᠷᠭᠠᠨ᠂ ᠬᠥᠮᠦᠨ ᠤ ᠬᠦᠴᠦ ᠨᠡᠮᠡᠭᠳᠡᠬᠦ ᠶᠢ ᠬᠦᠯᠢᠶᠡᠨ᠎ᠡ᠃ ᠵᠢᠯᠣᠭᠤᠳᠬᠤ ᠲᠥᠪ ᠪᠠᠴᠢᠮ ᠪᠠᠶᠢᠳᠠᠯ ᠳᠤᠤᠷ᠎ᠠ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠣᠨᠴᠠ ᠲᠦᠷᠦᠯ ᠤᠨ ᠴᠠᠭᠳᠠᠭ᠎ᠠ᠂ ᠵᠡᠪᠰᠡᠭᠲᠦ ᠴᠠᠭᠳᠠᠭ᠎ᠠ ᠶᠢ ᠲᠤᠬᠠᠶ ᠶᠢᠨ ᠲᠠᠯᠠᠪᠠᠶ ᠳᠤ ᠣᠴᠢᠭᠤᠯᠵᠤ ᠰᠢᠢᠳᠪᠦᠷᠢᠯᠡᠭᠦᠯᠬᠦ ᠪᠠᠷ ᠵᠠᠷᠯᠢᠭᠳᠠᠪᠠ᠃ ᠡᠭᠦᠨ ᠤ ᠬᠠᠮᠲᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠡᠮᠴᠢᠯᠡᠭᠡᠨ ᠤ ᠠᠪᠤᠷᠠᠨ ᠲᠤᠰᠠᠯᠠᠯᠲᠠ᠂ ᠵᠠᠮ ᠬᠠᠷᠢᠯᠴᠠᠭᠠᠨ ᠤ ᠴᠠᠭᠳᠠᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠬᠠᠶ ᠶᠢᠨ ᠲᠠᠯᠠᠪᠤᠷ ᠢ ᠬᠠᠶᠢᠨ ᠰᠢᠯᠭᠠᠬᠤ ᠠᠵᠢᠯ ᠴᠤ ᠵᠠᠷᠯᠢᠭ ᠶᠣᠰᠣᠭᠠᠷ ᠲᠤᠬᠠᠶ ᠶᠢᠨ ᠲᠠᠯᠠᠪᠠᠶ ᠳᠤ ᠬᠦᠷᠴᠦ ᠢᠷᠡᠪᠡ᠃
 830E5729.JPG  
     ᠲᠤᠬᠠᠢ ᠶᠢᠨ ᠲᠠᠯᠠᠪᠠᠢ ᠳᠤ᠂ ᠳᠣᠲᠣᠭᠠᠳᠤ ᠶᠢ ᠬᠠᠮᠠᠭᠠᠯᠠᠬᠤ ᠣᠨᠴᠠ ᠲᠦᠷᠦᠯ ᠤᠨ ᠴᠠᠭᠳᠠᠭ᠎ᠠ᠂ ᠵᠡᠪᠰᠡᠭᠲᠦ ᠴᠠᠭᠳᠠᠭ᠎ᠠ ᠬᠦᠷᠴᠦ ᠢᠷᠡᠭᠰᠡᠨ ᠤ ᠳᠠᠷᠠᠭ᠎ᠠ᠂ ᠵᠢᠯᠤᠭᠤᠳᠤᠭᠴᠢ ᠪᠠᠶᠢᠯᠳᠤᠭᠠᠨ ᠤ ᠡᠩᠨᠡᠭᠡ ᠪᠠᠷ ᠮᠠᠭᠤ ᠡᠲᠡᠭᠡᠳ ᠢ ᠰᠢᠬᠠᠮᠳᠠᠭᠤᠯᠤᠨ᠂ ᠪᠠᠮᠪᠠᠶᠢᠴᠢᠨ ᠡᠮᠦᠨ᠎ᠡ ᠨᠢ ᠰᠠᠬᠢᠨ ᠬᠠᠮᠠᠭᠠᠯᠠᠵᠤ᠂ ᠵᠠᠪᠰᠢᠶᠠᠨ ᠢ ᠳᠠᠯᠢᠮᠳᠠᠭᠤᠯᠤᠨ ᠪᠠᠶᠢᠯᠳᠤᠪᠠ᠃ ᠡᠮᠴᠢ ᠰᠤᠪᠢᠯᠠᠭᠴᠢ ᠰᠢᠷᠬᠠᠲᠤᠭᠰᠠᠨ ᠤᠯᠠᠨ ᠲᠦᠮᠡᠨ ᠢ ᠠᠪᠤᠷᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠡᠬᠢᠯᠡᠨ ᠭᠠᠯ ᠤᠨᠲᠠᠷᠠᠭᠠᠵᠤ᠂ ᠵᠠᠮ ᠬᠠᠷᠢᠯᠴᠠᠭᠠᠨ ᠤ ᠴᠠᠭᠳᠠᠭ᠎ᠠ ᠤᠢᠢᠷ᠎ᠠ ᠬᠠᠪᠢ ᠶᠢᠨ ᠵᠠᠮ ᠳᠡᠭᠡᠷ᠎ᠡ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠪᠡ᠃ ᠵᠡᠪᠰᠡᠭᠲᠦ ᠴᠠᠭᠳᠠᠭ᠎ᠠ᠂ ᠳᠣᠲᠣᠭᠠᠳᠤ ᠶᠢ ᠬᠠᠮᠠᠭᠠᠯᠠᠬᠤ ᠣᠨᠴᠠ ᠲᠦᠷᠦᠯ ᠤᠨ ᠴᠠᠭᠳᠠᠭ᠎ᠠ ᠡᠷᠡᠰ ᠰᠢᠭᠤᠷᠬᠠᠶ ᠪᠠᠷ ᠬᠥᠳᠡᠯᠦᠯᠴᠡᠵᠦ᠂ ᠮᠠᠭᠤ ᠡᠲᠡᠭᠡᠳ ᠢ ᠠᠮᠵᠢᠯᠲᠠ ᠲᠠᠢ ᠪᠠᠷ ᠡᠵᠡᠮᠳᠡᠪᠡ᠃ ᠠᠷᠠᠳ ᠤᠨ ᠴᠠᠭᠳᠠᠭ᠎ᠠ ᠰᠡᠷᠭᠡᠶᠢᠯᠡᠯᠲᠡ ᠶᠢᠨ ᠪᠦᠰᠡ ᠲᠠᠲᠠᠵᠤ᠂ ᠡᠷᠭᠢᠨ ᠲᠣᠭᠤᠷᠢᠨ ᠤ ᠣᠯᠠᠨ ᠲᠦᠮᠡᠨ ᠢ ᠢᠳᠬᠠᠵᠤ ᠪᠠᠶᠢᠭᠠᠳ ᠲᠦᠷᠰᠦ ᠰᠢᠩᠭᠡᠭᠡᠯᠳᠡ᠂ ᠰᠡᠭᠦᠳᠡᠷᠯᠡᠬᠦ ᠶᠢ ᠴᠠᠭᠠᠵᠠᠯᠠᠵᠤ᠂ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠪᠠ᠃ ᠬᠡᠷᠡᠭ ᠤᠨ ᠲᠠᠯᠠᠪᠠᠢ ᠶᠢ ᠬᠠᠶᠢᠨ ᠪᠠᠶᠢᠴᠠᠭᠠᠬᠤ ᠴᠠᠭᠳᠠᠭ᠎ᠠ ᠬᠡᠷᠡᠭ ᠤᠨ ᠲᠠᠯᠠᠪᠠᠢ ᠶᠢ ᠪᠠᠶᠢᠴᠠᠭᠠᠨ ᠰᠢᠯᠭᠠᠵᠤ᠂ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠪᠠ᠃
830E5740.JPG  
     ᠲᠣᠰ ᠤᠳᠠᠭᠠᠨ ᠤ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠪᠣᠯ ᠪᠣᠳᠠᠲᠤ ᠪᠠᠶᠢᠯᠳᠤᠭᠠᠨᠴᠢᠯᠠᠯᠳᠠ ᠶᠢᠨ ᠡᠩᠨᠡᠭᠡ ᠶᠢᠨ ᠴᠢᠳᠠᠪᠤᠷᠢ ᠶᠢ ᠪᠥᠬᠦ ᠲᠠᠯ᠎ᠠ ᠪᠠᠷ ᠠᠬᠢᠭᠤᠯᠵᠤ᠂ ᠮᠠᠨ ᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠰᠦᠷᠳᠡᠭᠦᠯᠦᠯ ᠢ ᠡᠰᠡᠷᠭᠦᠴᠡᠬᠦ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢᠨ ᠨᠢᠭᠡ ᠤᠳᠠᠭᠠᠨ ᠤ ᠶᠡᠭᠡ ᠰᠢᠯᠭᠠᠯᠲᠠ ᠪᠣᠯᠤᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ