ᠰᠢᠨ᠎ᠡ ᠠᠶᠠᠨ ᠵᠠᠮ ᠳᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠶ᠎ᠠ
ᠨᠡᠶᠢᠲᠡᠯᠡᠭᠰᠡᠨ ᠴᠠᠭ᠄
2022/11/23
  ᠰᠢᠨ᠎ᠡ ᠠᠶᠠᠨ ᠵᠠᠮ ᠳᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠶ᠎ᠠ                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂                             ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ    ᠵᠧᠩ ᠭᠤᠸᠠᠩ ᠵᠤᠤ  
微信图片_20221123084743.jpg   
      ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠤᠭᠰᠠᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠦᠭᠰᠡᠨ᠂ ᠠᠶᠠᠨ ᠲᠠᠶᠢᠨ ᠤ ᠵᠠᠮ ᠢᠶᠠᠷ ᠱᠠᠯᠠᠮᠠᠭᠠᠶᠢᠯᠠᠭᠰᠠᠨ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠴᠢᠬᠤᠯᠠ ᠢᠯᠡᠳᠬᠡᠯ ᠨᠢ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠳᠤ ᠦᠨᠳᠦᠰᠦᠨ ᠵᠢᠷᠤᠮᠯᠠᠯ ᠬᠠᠩᠭᠠᠵᠤ᠂ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠭᠡᠨ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠤᠭᠴᠠᠯᠠᠨ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠢ ᠡᠷᠡᠰ ᠬᠠᠮᠠᠭᠠᠯᠠᠵᠤ᠂ ᠨᠠᠮ ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠪᠡ᠃     ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠲᠥᠷᠥ ᠶᠢᠨ ᠰᠢᠨᠵᠢ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠪᠠᠷ ᠴᠠᠭᠳᠠᠭ᠎ᠠ ᠪᠠᠶᠢᠭᠤᠯᠬᠤ ᠶᠢ ᠦᠷᠭᠦᠯᠵᠢᠯᠡᠨ ᠴᠢᠩᠭᠠᠳᠬᠠᠨ᠎ᠠ᠃ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠢ ᠪᠠᠲᠤ ᠡᠵᠡᠮᠰᠢᠵᠦ᠂︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠲᠡᠷᠢᠭᠦᠨ ᠵᠥᠪᠯᠡᠬᠦ ᠰᠡᠳᠦᠪ︾ ᠤᠨ ᠲᠦᠷᠢᠮ ᠢ ᠡᠷᠡᠰ ᠨᠠᠶᠢᠳᠠᠪᠤᠷᠢᠵᠢᠭᠤᠯᠵᠤ᠂ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ ᠨᠠᠶᠢᠳᠠᠪᠤᠷᠢᠲᠠᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠪᠠᠳᠤᠯᠠᠪᠠ᠃ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠡᠭᠦᠷᠢᠲᠡ ᠨᠠᠮ ᠪᠠ ᠠᠷᠠᠳ ᠲᠦᠮᠡᠨ ᠤ ᠦᠨᠡᠨᠴᠢ ᠰᠢᠳᠤᠷᠭᠤ ᠬᠠᠮᠠᠭᠠᠯᠠᠭᠴᠢ ᠪᠣᠯᠤᠨ᠎ᠠ᠃     ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠢ ᠡᠷᠡᠰ ᠪᠠᠲᠤ ᠡᠭᠦᠷᠭᠡᠯᠡᠨ᠎ᠡ᠃ ︽ᠤᠯᠤᠰ ᠤᠨ ᠠᠮᠤᠷ ᠲᠦᠪᠰᠢᠨ ᠪᠣᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠭᠤᠷᠢ ᠮᠥᠨ᠂ ᠨᠡᠶᠢᠭᠡᠮ ᠤᠨ ᠲᠣᠭᠲᠠᠭᠤᠨ ᠪᠣᠯ ᠤᠯᠤᠰ ᠣᠷᠣᠨ ᠬᠦᠴᠦᠷᠬᠡᠭᠵᠢᠨ ᠬᠥᠭᠵᠢᠬᠦ ᠶᠢᠨ ᠤᠷᠢᠲᠠᠯ ᠮᠥᠨ︾ ᠭᠡᠬᠦ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠤᠭᠴᠠᠯᠠᠨ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠤᠭᠳᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠬᠤ ᠤᠯᠤᠰ ᠲᠦᠷᠦ ᠶᠢᠨ ᠪᠠᠶᠢᠳᠠᠯ ᠢ ᠦᠷᠭᠦᠯᠵᠢᠯᠡᠨ ᠪᠠᠬᠢᠵᠢᠭᠦᠯᠪᠡ᠃ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠴᠢᠨᠠᠭᠰᠢᠳᠠ ᠪᠦᠷᠢᠨᠰᠢᠬᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠯᠭᠠᠬᠤ ᠶᠢ ᠠᠬᠢᠭᠤᠯᠤᠨ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠦᠨ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠵᠦ᠂ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠦᠭᠭᠦᠨ᠎ᠡ᠃     ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠰᠢᠰᠲ᠋ᠧᠮ ᠲᠠᠢ ᠡᠵᠡᠮᠰᠢᠨ᠂ ᠶᠡᠷᠦᠩᠬᠡᠶ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠲᠠᠢ ᠨᠢᠭᠲᠠ ᠤᠶᠠᠯᠳᠤᠭᠤᠯᠤᠨ᠂ ᠠᠮᠤᠭᠤᠯᠠᠩᠳᠤ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠨᠠᠩ ᠥᠨᠳᠥᠷ ᠲᠦᠪᠰᠢᠨ ᠳᠤ ᠬᠦᠷᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠳᠣᠲᠣᠭᠠᠳᠤ ᠶᠢ ᠬᠠᠮᠠᠭᠠᠯᠠᠬᠤ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠳᠬᠡᠨ ᠪᠠᠶᠢᠭᠤᠯᠤᠨ᠂ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾᠂ ︽24 ᠴᠠᠭ ᠤᠨ ᠴᠠᠭᠳᠠᠭᠠᠨ ᠤ ᠲᠣᠪᠴᠢᠶ᠎ᠠ︾ ᠶᠢ ᠤᠳᠠᠭ᠎ᠠ ᠳᠠᠷᠠᠭᠠᠯᠠᠨ ᠲᠡᠰ ᠳᠡᠪᠰᠢᠭᠦᠯᠬᠦ ᠶᠢ ᠠᠬᠢᠭᠤᠯᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ ᠶᠢ ᠭᠦᠨᠵᠡᠭᠡᠶ ᠠᠬᠢᠭᠤᠯᠵᠤ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠪᠣᠳᠠᠲᠤ ᠪᠠᠶᠢᠯᠳᠤᠭᠠᠨ ᠤ ᠣᠨᠴᠠᠯᠢᠭ ᠢ ᠢᠯᠡᠷᠡᠭᠦᠯᠦᠭᠰᠡᠨ᠂ ᠥᠪᠥᠷ ᠮᠣᠩᠭᠤᠯ ᠤᠨ ᠣᠨᠴᠠᠯᠢᠭ ᠲᠠᠢ ᠣᠲᠣ ᠦᠶ᠎ᠡ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠤᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠵᠦ᠂ ᠬᠠᠤᠯᠢ ᠬᠡᠷᠡᠭᠵᠢᠭᠦᠯᠬᠦ ᠡᠷᠬᠡ ᠶᠢᠨ ᠠᠵᠢᠯᠯᠠᠭᠠᠨ ᠤ ᠲᠣᠭᠲᠠᠴᠠ ᠪᠠ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠴᠢᠩᠭ᠎ᠠ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢᠵᠢᠯ ᠤᠨ ᠲᠦᠪᠰᠢᠨ ᠪᠠ ᠬᠠᠤᠯᠢ ᠬᠡᠷᠡᠭᠵᠢᠭᠦᠯᠬᠦ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃     ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠲᠤ ᠴᠢᠩᠭ᠎ᠠ ᠳᠣᠲᠣᠭᠠᠳᠤ ᠶᠢ ᠬᠠᠮᠠᠭᠠᠯᠠᠬᠤ ᠲᠡᠮᠤᠷ ᠴᠡᠷᠢᠭ ᠢ ᠳᠠᠪᠲᠠᠨ ᠪᠣᠯᠪᠠᠰᠤᠷᠠᠭᠤᠯᠤᠨ᠎ᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠬᠤ ᠴᠢᠬᠤᠯᠠ ᠶᠡᠭᠡ ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠤᠨ᠎ᠠ᠃ ᠤᠭᠲᠤ ᠠᠭᠤᠴᠢᠯᠠᠬᠤ ᠦᠭᠡᠢ ᠣᠪᠣᠷ ᠢᠶᠠᠷ ᠢᠯᠵᠠᠷᠠᠯ ᠢ ᠡᠰᠡᠷᠭᠦᠴᠡᠨ ᠮᠠᠭᠤ ᠶᠢ ᠵᠠᠯᠬᠠᠭᠠᠬᠤ ᠶᠢ ᠪᠠᠷᠢᠮᠲᠠᠯᠠᠵᠤ᠂ ᠬᠤᠣᠷ ᠨᠥᠯᠥᠭᠡ ᠶᠢ ᠡᠷᠡᠰ ᠲᠦᠢᠯᠪᠤᠷᠢᠲᠠᠢ ᠠᠷᠢᠯᠭᠠᠵᠤ᠂ ᠡᠯ᠎ᠡ ᠵᠦᠢᠯ ᠤᠨ ᠲᠡᠮᠦᠷ ᠮᠡᠲᠦ ᠴᠠᠭᠠᠵᠠ ᠵᠠᠷᠯᠢᠭ ᠢ ᠴᠢᠩᠭ᠎ᠠ ᠬᠡᠷᠡᠭᠵᠢᠭᠦᠯᠦᠨ᠎ᠡ᠃ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠤᠨ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠴᠠᠭᠳᠠᠭᠠᠨ ᠤ ᠰᠤᠷᠲᠠᠯ ᠢ ᠤᠯᠠᠮ ᠨᠢᠭᠡ ᠠᠯᠬᠤᠮ ᠪᠣᠶ ᠪᠣᠯᠭᠠᠵᠤ᠂ ︽ᠭᠤᠷᠪᠠᠨ ᠬᠠᠷᠢᠴᠠᠯᠠᠰᠢ ᠥᠬᠡᠶ︾ ︽ᠳᠥᠷᠪᠡᠨ ᠲᠡᠮᠦᠷ ᠮᠡᠲᠦ︾ ᠥᠨᠳᠥᠷ ᠬᠡᠪ ᠪᠣᠯᠪᠠᠰᠤᠷᠠᠯ ᠲᠠᠢ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠪᠥᠬᠦ ᠬᠦᠴᠦᠨ ᠢᠶᠠᠷ ᠢᠶᠠᠨ ᠳᠠᠪᠲᠠᠨ ᠪᠣᠯᠪᠠᠰᠤᠷᠠᠭᠤᠯᠤᠨ᠎ᠠ᠃     ᠠᠤᠭ᠎ᠠ ᠲᠦᠰᠦᠪ ᠢ ᠨᠢᠭᠡᠨᠳᠡ ᠵᠢᠷᠤᠬᠯᠠᠬᠤ ᠳᠤ ᠪᠦᠷᠢᠶ᠎ᠡ ᠨᠢᠭᠡᠨᠲᠡ ᠬᠠᠩᠭᠢᠨᠠᠪᠠ᠃ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠡᠩ ᠴᠢᠩᠭ᠎ᠠ ᠡᠭᠦᠷᠭᠡ ᠬᠠᠷᠢᠭᠤᠴᠠᠯᠭ᠎ᠠ ᠪᠣᠯᠤᠨ ᠲᠡᠦᠬᠡ ᠶᠢᠨ ᠰᠠᠨᠠᠭᠠᠴᠢᠯᠠᠭ᠎ᠠ ᠪᠠᠷ᠂ ︽ᠴᠠᠭ ᠢᠮᠠᠭᠲᠠ ᠰᠠᠨᠠᠭ᠎ᠠ ᠠᠮᠤᠷ ᠪᠠᠶᠢᠯᠭᠠᠬᠤ︾ ᠬᠠᠷᠢᠭᠤᠴᠠᠯᠭᠠᠲᠤ ᠰᠡᠳᠬᠢᠯᠭᠡ ᠪᠠᠷ ᠦᠷᠭᠦᠯᠵᠢᠯᠡᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠰ ᠰᠢᠭᠤᠷᠬᠠᠢ ᠪᠠᠷ ᠤᠷᠤᠭᠰᠢᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠰᠦᠭᠡᠢ᠃ 
ᠢᠷᠡᠯᠲᠡ᠄ ᠠᠷᠠᠳ ᠤᠨ ᠲᠣᠳᠤᠭᠠᠳᠤ ᠶᠢ ᠬᠠᠮᠠᠭᠠᠯᠠᠬᠤ ᠰᠣᠨᠢᠨ