ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠣᠭᠤᠷᠢᠨ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/11/9
      ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠵᠦ᠂ ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠢᠷᠢᠯᠠᠭᠤᠯᠤᠯᠲᠠ ᠶᠣᠰᠣᠭᠠᠷ᠂ ᠤᠷᠴᠢᠮ ᠤᠨ ᠡᠳᠦᠷ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠵᠣᠬᠢᠶᠠᠨ ᠪᠠᠢᠭᠤᠯᠤᠯᠲᠠ ᠶᠢᠨ ︽ᠭᠡᠷᠡᠯᠲᠦ ᠭᠤᠸᠠᠢ︾ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠩᠭᠢ ᠪᠠᠶᠠᠨᠬᠤᠰᠢᠭᠤ ᠪᠠᠯᠭᠠᠰᠤᠨ ᠤ ᠬᠤᠲᠠᠴᠢᠯᠠᠭᠰᠠᠨ ᠭᠠᠴᠠᠭ᠎ᠠ ᠪᠠ ᠲᠤᠰ ᠭᠠᠴᠠᠭᠠᠨ ᠤ ᠠᠭᠤᠳᠠᠮ ᠲᠠᠯᠠᠪᠠᠢ ᠶᠢᠨ ᠪᠥᠵᠢᠭ ᠤᠨ ᠠᠩᠭᠢ ᠳᠤ ᠭᠦᠨᠵᠡᠭᠡᠶᠢᠷᠡᠨ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
 69dd8ba44f150193d96bbc3ff8b44e5c.jpg  
      ︽ᠬᠥᠳᠡᠭᠡ ᠲᠣᠰᠬᠤᠨ ᠤ ᠬᠦᠰᠡᠯ ᠮᠥᠷᠥᠭᠡᠳᠦᠯ ᠢᠶᠠᠨ ᠪᠡᠶᠡᠯᠡᠭᠦᠯᠬᠦ ᠪᠦᠵᠢᠭ ᠤᠨ ᠲᠠᠪᠴᠠᠩ︾ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠭᠠᠷᠭᠠᠵᠠᠢ᠃ ᠬᠤᠲᠠᠴᠢᠯᠠᠭᠰᠠᠨ ᠭᠠᠴᠠᠭᠠᠨ ᠤ 100 ᠭᠠᠷᠤᠢ ᠬᠦᠮᠦᠨ ᠤᠬᠠᠭᠤᠯᠭ᠎ᠠ ᠶᠢᠨ ᠫᠷᠤᠭ᠍ᠷᠠᠮ ᠢ ᠰᠣᠨᠢᠷᠬᠠᠪᠠ᠃ ᠭᠠᠴᠠᠭᠠᠨ ᠤ ᠲᠠᠯᠠᠪᠠᠢ ᠶᠢᠨ ᠪᠥᠵᠢᠭ ᠤᠨ ᠠᠩᠭᠢ ᠶᠢᠨ ᠬᠢᠨ᠄ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ︾ ᠭᠡᠬᠦ ᠨᠠᠢᠷᠠᠯ ᠳᠠᠭᠤᠤ ᠪᠠᠷ ᠬᠥᠰᠢᠭᠡ ᠪᠠᠨ ᠰᠡᠬᠦᠪᠡ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠤᠯᠪᠤᠭ᠎ᠠ᠄ ︽ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠶ᠎ᠡ︾᠂ ︽ᠣᠪᠤᠭᠠᠨ ᠲᠡᠭᠡᠷᠡᠬᠢ ᠠᠭᠤᠯᠵᠠᠯᠲᠠ ᠪᠠᠷ ᠠᠷᠢᠬᠢ ᠤᠤᠭᠤᠬᠤ ᠶᠢ ᠴᠡᠭᠡᠷᠯᠡᠬᠦ ᠶᠢ ᠰᠠᠨᠠᠭᠤᠯᠤᠭᠰᠠᠨ︾᠂ ︽ᠠᠮᠤᠷ ᠲᠦᠪᠰᠢᠨ ᠢᠶᠠᠷ ᠶᠠᠪᠤᠵᠤ ᠰᠠᠭᠤᠬᠤ ᠪᠣᠯ ᠳᠠᠷᠤᠢ ᠪᠤᠶᠠᠨ︾ ᠵᠡᠷᠭᠡ ᠤᠬᠠᠭᠤᠯᠭ᠎ᠠ ᠶᠢᠨ ᠫᠷᠤᠭ᠍ᠷᠠᠮ ᠭᠤᠶᠢᠲᠠ ᠰᠠᠶᠢᠬᠠᠨ ᠶᠠᠪᠤᠭᠳᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠲᠠ ᠶᠢ ᠣᠯᠵᠠᠢ᠃
720dd243e576899649f5a6b4cfd26481.jpg   
      ᠡᠨᠡ ᠬᠤᠭᠤᠴᠠᠭᠠᠨ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠤᠬᠠᠭᠤᠯᠤᠭᠴᠢ ᠠᠴᠠ ᠣᠯᠠᠨ ᠲᠦᠮᠡᠨ ᠳᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠩᠰᠢᠬᠤ ᠶᠢᠨ ᠬᠠᠮᠲᠤ ᠵᠠᠷᠯᠠᠯ ᠨᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠥᠷᠭᠡᠨ ᠣᠯᠠᠨ ᠦᠵᠡᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠪᠡ᠃   
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ