ᠬᠢᠯᠢ ᠠᠯᠤᠰᠯᠠᠨ ᠵᠣᠭᠤᠰ ᠮᠦᠷᠦᠶᠢᠴᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠨᠡᠢᠭᠡᠮ ᠤᠨ ᠠᠮᠤᠷ ᠲᠦᠪᠰᠢᠨ ᠲᠣᠭᠲᠠᠭᠤᠨ ᠪᠠᠢᠬᠤ ᠬᠠᠯᠬᠠᠪᠴᠢ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2022/11/9
      ᠬᠢᠯᠢ ᠠᠯᠤᠰᠯᠠᠨ ᠵᠣᠭᠤᠰ ᠨᠠᠭᠠᠳᠬᠤ ᠳᠤ ᠴᠣᠬᠢᠯᠲᠠ ᠥᠭᠬᠦ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ᠂ ᠬᠢᠯᠢ ᠠᠯᠤᠰᠯᠠᠨ ᠵᠣᠭᠤᠰ ᠮᠦᠷᠦᠶᠢᠴᠡᠬᠦ ᠶᠢ ᠬᠤᠷᠢᠭᠯᠠᠬᠤ᠂ ᠥᠷᠭᠡᠨ ᠣᠯᠠᠨ ᠲᠦᠮᠡᠨ ᠤ ᠵᠣᠭᠤᠰ ᠮᠦᠷᠦᠶᠢᠴᠡᠬᠦ ᠶᠢ ᠰᠡᠷᠭᠡᠶᠢᠯᠡᠬᠦ᠂ ᠵᠣᠭᠤᠰ ᠮᠦᠷᠦᠶᠢᠴᠡᠬᠦ ᠶᠢ ᠲᠡᠪᠴᠢᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠤᠷᠴᠢᠮ ᠤᠨ ᠡᠳᠦᠷ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠬᠢᠯᠢ ᠠᠯᠤᠰᠯᠠᠨ ᠵᠣᠭᠤᠰ ᠮᠦᠷᠦᠶᠢᠴᠡᠬᠦ ᠶᠢ ᠰᠡᠷᠭᠡᠶᠢᠯᠡᠬᠦ ᠠᠵᠢᠯᠯᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠭᠦᠯᠪᠡ᠃
微信图片_20220928152526.jpg  
      ᠥᠷᠭᠡᠨ ᠣᠯᠠᠨ ᠪᠠᠭᠰᠢ ᠰᠤᠷᠤᠭᠴᠢᠳ ᠲᠤ ᠬᠢᠯᠢ ᠠᠯᠤᠰᠯᠠᠭᠰᠠᠨ ᠵᠤᠭᠤᠰ ᠮᠦᠷᠦᠶᠢᠴᠡᠬᠦ ᠠᠷᠭ᠎ᠠ ᠪᠠ ᠮᠡᠭᠡ ᠶᠢ ᠶᠠᠷᠢᠵᠤ ᠦᠭᠬᠦ ᠶᠢᠨ ᠬᠠᠮᠲᠤ᠂ ᠵᠠᠯᠠᠭᠤ ᠪᠠᠭᠠᠴᠤᠳ ᠤᠨ ᠰᠦᠯᠵᠢᠶᠡᠨ ᠤ ᠲᠣᠭᠯᠠᠭᠠᠮ ᠳᠤ ᠳᠤᠷᠠᠲᠠᠢ ᠪᠠᠶᠢᠳᠠᠭ ᠰᠡᠳᠬᠢᠴᠡ ᠶᠢᠨ ᠣᠨᠴᠠᠯᠢᠭ ᠢ ᠠᠳᠬᠤᠨ ᠠᠪᠴᠤ᠂ ᠬᠤᠣᠷ ᠬᠥᠨᠥᠭᠡᠯ ᠲᠠᠢ ᠴᠥᠷᠬᠡᠯᠡᠭᠡ ᠳᠤ ᠣᠷᠣᠭᠤᠯᠤᠭᠠᠳ ᠵᠤᠭᠤᠰ ᠮᠡᠬᠡᠯᠡᠳᠡᠭ ᠠᠵᠢᠯᠯᠠᠭ᠎ᠠ ᠶᠢᠨ ᠵᠢᠱᠢᠶ᠎ᠡ ᠶᠢ ᠤᠯᠠᠨ ᠳᠠᠶᠢᠯᠪᠤᠷᠢᠯᠠᠨ ᠥᠭᠪᠡ᠃
微信图片_20220928152548.jpg  
      ᠬᠠᠮᠤᠭ ᠤᠨ ᠰᠡᠭᠦᠯ ᠳᠤ᠂ ᠠᠷᠠᠳ ᠤᠨ ᠴᠠᠭᠳᠠᠭ᠎ᠠ ᠪᠠᠭᠰᠢ ᠰᠤᠷᠤᠭᠴᠢᠳ ᠢ ᠵᠣᠭᠤᠰ ᠮᠦᠷᠦᠶᠢᠴᠡᠬᠦ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠲᠡᠭᠦᠨ ᠠᠴᠠ ᠬᠤᠯᠠᠳᠠᠬᠤ ᠶᠢ ᠬᠦᠰᠡᠨ ᠱᠠᠭᠠᠷᠳᠠᠪᠠ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ