ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠶᠢᠨ ᠬᠠᠪᠰᠤᠷᠤᠭᠴᠢ ᠴᠠᠭᠳᠠᠭ᠎ᠠ ᠠᠵᠢᠯ ᠤᠨ ᠳᠤᠮᠳᠠ ᠳᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠪᠡ
ᠨᠡᠶᠢᠲᠡᠯᠡᠭᠰᠡᠨ ᠴᠠᠭ᠄
2022/11/9
      10 ᠳ᠋ᠤᠭᠠᠷ ᠰᠠᠷ᠎ᠠ ᠶᠢᠨ 10 ᠤ ᠡᠳᠦᠷ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠶᠢᠨ ᠬᠠᠪᠰᠤᠷᠤᠭᠴᠢ ᠴᠠᠭᠳᠠᠭ᠎ᠠ ᠵᠢᠢ ᠴᠤᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠦᠷᠨᠢᠭᠦᠯᠬᠦ ᠭᠡᠵᠦ ᠪᠠᠶᠢᠭ᠎ᠠ 2 ᠬᠠᠮᠲᠤ ᠠᠵᠢᠯᠲᠠᠨ ᠢ ᠯᠢᠨ ᠾᠧ ᠳᠤ ᠬᠦᠷᠭᠡᠪᠡ᠃
维护2.jpg  
      ᠡᠭᠦᠷᠭᠡ ᠪᠠᠨ ᠪᠡᠶᠡᠯᠡᠭᠦᠯᠦᠭᠡᠳ ᠪᠤᠴᠠᠬᠤ ᠵᠠᠮ ᠳᠤ ᠪᠠᠨ᠂ ᠲᠦᠷᠭᠡᠨ ᠬᠤᠷᠳᠤᠴᠠᠲᠤ ᠵᠠᠰᠠᠮᠠᠯ ᠵᠠᠮ ᠤᠨ ᠯᠢᠨ ᠾᠧ ᠬᠡᠰᠡᠭ ᠲᠤ ᠨᠢᠭᠡᠨ ᠵᠠᠮ ᠬᠠᠷᠢᠯᠴᠠᠭᠠᠨ ᠤ ᠲᠡᠷᠭᠡᠨ ᠠᠳᠡᠯ ᠭᠠᠷᠤᠭᠰᠠᠨ ᠢ ᠤᠯᠵᠤ ᠦᠵᠡᠭᠡᠳ᠂ ᠲᠡᠷᠡ ᠳᠠᠷᠤᠢ ᠳᠤ ᠨᠢ ᠬᠥᠮᠥᠨ ᠤ ᠦᠬᠦᠵᠦ ᠰᠢᠷᠬᠠᠲᠤᠭᠰᠠᠨ ᠦᠭᠡᠢ ᠶᠢ ᠲᠣᠳᠣᠯᠠᠭᠰᠠᠨ ᠪᠠᠶᠢᠳᠠᠯ ᠳᠣᠣᠷ᠎ᠠ᠂ ᠲᠤᠬᠠᠢ ᠶᠢᠨ ᠲᠠᠯᠠᠪᠤᠷ ᠤᠨ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠵᠤ᠂ ᠬᠤᠶᠠᠳᠠᠭᠢ ᠤᠳᠠᠭᠠᠨ ᠤ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠬᠦ ᠶᠢᠨ ᠬᠠᠮᠲᠤ 110 ᠵᠢᠯᠤᠭᠤᠳᠬᠤ ᠲᠥᠪ ᠪᠠ ᠳᠡᠭᠡᠳᠦ ᠬᠤᠷᠳᠤᠴᠠᠲᠤ ᠵᠠᠮ ᠬᠠᠷᠢᠯᠴᠠᠭᠠᠨ ᠤ ᠴᠠᠭᠳᠠᠭ᠎ᠠ ᠳᠤ ᠲᠤᠬᠠᠢ ᠶᠢᠨ ᠲᠠᠯᠠᠪᠤᠷ ᠤᠨ ᠪᠠᠶᠢᠳᠠᠯ ᠢ ᠮᠡᠳᠡᠭᠦᠯᠵᠦ᠂ ᠳᠡᠭᠡᠳᠦ ᠬᠤᠷᠳᠤᠴᠠᠲᠤ ᠵᠠᠮ ᠬᠠᠷᠢᠯᠴᠠᠭᠠᠨ ᠤ ᠴᠠᠭᠳᠠᠭ᠎ᠠ ᠲᠤᠬᠠᠢ ᠶᠢᠨ ᠲᠠᠯᠠᠪᠤᠷ ᠲᠤ ᠬᠦᠷᠴᠦ ᠰᠢᠢᠳᠪᠦᠷᠢᠯᠡᠭᠰᠡᠨ ᠤ ᠳᠠᠷᠠᠭ᠎ᠠ᠂ ᠪᠠᠶᠢᠭᠤᠯᠭ᠎ᠠ ᠳᠤ ᠪᠠᠨ ᠪᠤᠴᠠᠪᠠ᠃     
ᠢᠷᠡᠯᠲᠡ᠄ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ