ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠠᠴᠠ ᠵᠦᠷᠢᠴᠡᠭᠰᠡᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/11/9
      ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ᠂ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠣᠷᠴᠢᠨ ᠲᠣᠭᠤᠷᠢᠨ ᠤ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃
1.jpg  
      ᠠᠵᠢᠯᠯᠠᠭ᠎ᠠ ᠶᠢᠨ ᠳᠤᠮᠳᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠵᠡᠷᠭᠡ ᠭᠤᠣᠯᠳᠠᠯᠭ᠎ᠠ ᠲᠠᠢ ᠵᠠᠮ ᠤᠨ ᠣᠨᠴᠠᠯᠢᠭ ᠪᠠ ᠲᠡᠭᠡᠭᠡᠪᠦᠷᠢ ᠶᠢᠨ ᠵᠢᠮ᠎ᠡ ᠶᠣᠰᠣ ᠶᠢ ᠦᠨᠳᠦᠰᠦᠯᠡᠵᠦ᠂ ᠲᠣᠭᠤᠷᠢᠨ ᠴᠠᠭᠳᠠᠵᠤ ᠬᠠᠮᠢᠶᠠᠷᠤᠨ ᠡᠵᠡᠮᠳᠡᠬᠦ ᠪᠠ ᠴᠡᠭ ᠲᠣᠭᠲᠠᠭᠠᠨ ᠪᠠᠶᠢᠴᠠᠭᠠᠨ ᠵᠠᠯᠠᠷᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ ᠦᠢᠯᠡᠴᠢᠯᠡᠭᠡᠨ ᠤ ᠵᠠᠭᠪᠤᠷ ᠢ ᠴᠢᠩᠭ᠎ᠠ ᠬᠡᠷᠡᠭᠵᠢᠭᠦᠯᠵᠦ᠂ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢ ᠨᠢᠭᠡᠳ ᠨᠢᠭᠡ ᠪᠠᠷ ᠪᠠᠶᠢᠴᠠᠭᠠᠵᠤ᠂ ᠰᠡᠷᠡᠮᠵᠢ ᠶᠢᠨ ᠲᠡᠮᠳᠡᠭ ᠡᠯᠭᠦᠭᠰᠡᠨ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠳᠤ ᠲᠥᠪᠯᠡᠷᠡᠭᠦᠯᠦᠨ ᠪᠠᠶᠢᠴᠠᠭᠠᠯᠲᠠ ᠬᠢᠵᠦ᠂ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ ᠪᠠᠶᠢᠬᠤ ᠡᠰᠡᠬᠦ᠂ ᠵᠢᠯᠣᠭᠤᠴᠢ ᠳᠤ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠪᠠᠶᠢᠬᠤ ᠡᠰᠡᠬᠦ᠂ ᠵᠥᠪᠰᠢᠶᠡᠷᠡᠭᠰᠡᠨ ᠲᠡᠭᠡᠭᠡᠪᠦᠷᠢ ᠶᠢᠨ ᠵᠠᠮ ᠢᠶᠠᠷ ᠶᠠᠪᠤᠭᠰᠠᠨ ᠡᠰᠡᠬᠦ᠂ ᠬᠢᠨᠠᠨ ᠵᠥᠪᠰᠢᠶᠡᠷᠡᠭᠰᠡᠨ ᠶᠠᠰᠤ ᠴᠢᠨᠠᠷ ᠢᠶᠠᠷ ᠠᠴᠢᠶᠠᠯᠠᠵᠤ ᠪᠠᠭᠤᠯᠭᠠᠭᠰᠠᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠵᠤ᠂ ᠠᠶᠤᠯ ᠲᠠᠢ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠢᠯᠡᠳᠬᠡᠮᠵᠢ ᠲᠡᠮᠳᠡᠭ ᠪᠦᠷᠢᠨ ᠪᠤᠰᠤ᠂ ᠲᠡᠷᠭᠡ ᠬᠥᠰᠬᠡ ᠶᠢᠨ ᠭᠡᠷᠡᠯ ᠣᠶᠢᠬᠤ ᠢᠯᠡᠳᠬᠡᠮᠵᠢ ᠲᠡᠮᠳᠡᠭ ᠢ ᠨᠠᠭᠠᠭᠰᠠᠨ ᠨᠢ ᠵᠢᠷᠤᠮᠵᠢᠯ ᠦᠭᠡᠢ᠂ ᠲᠡᠷᠭᠡ ᠬᠥᠰᠬᠡ ᠶᠢᠨ ᠵᠢᠯ ᠤᠨ ᠬᠢᠨᠠᠯᠲᠠ ᠬᠢᠭᠰᠡᠨ ᠦᠭᠡᠢ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠪᠡ᠃
 2.jpg 
      ᠡᠭᠦᠨ ᠤ ᠬᠠᠮᠲᠤ᠂ ᠶᠡᠭᠡ ᠠᠩᠭᠢ ᠶᠢᠨ ᠬᠢᠨ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠶᠢᠨ ᠲᠡᠷᠭᠡ ᠵᠢᠯᠣᠭᠤᠳᠬᠤ ᠶᠢᠨ ᠠᠮᠤᠷ ᠲᠦᠪᠰᠢᠨ ᠤ ᠰᠠᠨᠠᠭᠤᠯᠤᠮᠵᠢ ᠶᠢᠨ ᠠᠵᠢᠯ ᠢ ᠢᠳᠡᠪᠬᠢᠲᠡᠶ ᠥᠷᠨᠢᠭᠦᠯᠵᠦ᠂ ᠲᠡᠷᠭᠡ ᠬᠥᠰᠬᠡ ᠶᠢᠨ ᠠᠮᠤᠷ ᠲᠦᠪᠰᠢᠨ ᠤ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠲᠡᠭᠦᠯᠳᠡᠷᠵᠢᠭᠦᠯᠦᠨ᠂ ᠵᠢᠯᠣᠭᠤᠴᠢ᠂ ᠬᠠᠷᠠᠵᠤ ᠲᠡᠭᠡᠭᠡᠪᠦᠷᠢᠯᠡᠭᠴᠢ ᠶᠢᠨ ᠬᠠᠤᠯᠢ ᠶᠢ ᠰᠠᠬᠢᠬᠤ ᠤᠬᠠᠮᠰᠠᠷ᠂ ᠠᠮᠤᠷ ᠲᠦᠪᠰᠢᠨ ᠢᠶᠠᠷ ᠲᠡᠷᠭᠡ ᠵᠢᠯᠣᠭᠤᠳᠬᠤ ᠤᠬᠠᠮᠰᠠᠷ ᠢ ᠳᠡᠭᠡᠭᠰᠢᠯᠡᠭᠦᠯᠵᠦ᠂ ︽ᠭᠡᠮ ᠲᠠᠢ ᠲᠡᠷᠭᠡ︾ ᠶᠢ ᠵᠢᠯᠣᠭᠤᠳᠬᠤ ᠶᠢ ᠴᠢᠩᠭ᠎ᠠ ᠴᠠᠭᠠᠵᠠᠯᠠᠵᠤ᠂ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠪᠠ᠃ 
ᠢᠷᠡᠯᠲᠡ᠄ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ